ᠭ∙ᠽᠠᠨᠳᠠᠨᠰᠢᠲᠠᠷ᠎ᠠ ᠺᠢᠷᠭᠢᠽ ᠤᠨ ᠶᠡᠷᠦᠩᠬᠡᠶᠢᠯᠡᠭᠴᠢ ᠰ∙ᠵᠠᠫᠠᠷᠤᠪ ᠲᠤ ᠪᠠᠷᠠᠭᠠᠯᠬᠠᠯ᠎ᠠ | News.MN

ᠭ∙ᠽᠠᠨᠳᠠᠨᠰᠢᠲᠠᠷ᠎ᠠ ᠺᠢᠷᠭᠢᠽ ᠤᠨ ᠶᠡᠷᠦᠩᠬᠡᠶᠢᠯᠡᠭᠴᠢ ᠰ∙ᠵᠠᠫᠠᠷᠤᠪ ᠲᠤ ᠪᠠᠷᠠᠭᠠᠯᠬᠠᠯ᠎ᠠ

ᠮᠣᠩᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ ᠪᠦᠭᠦᠳᠡ ᠨᠠᠶᠢᠷᠠᠮᠳᠠᠬᠤ ᠺᠢᠷᠭᠢᠽ ᠤᠯᠤᠰ ᠲᠤ ᠬᠢᠵᠦ ᠪᠠᠶᠢᠭ᠎ᠠ ᠠᠯᠪᠠᠨ ᠶᠣᠰᠣᠨ ᠤ ᠠᠶᠢᠯᠴᠢᠯᠠᠯ ᠤᠨ ᠢᠶᠠᠨ ᠦᠶ᠎ᠡ ᠪᠡᠷ ᠡᠨᠡ ᠰᠠᠷ᠎ᠠ ᠶᠢᠨ ᠬᠤᠷᠢᠨ ᠨᠠᠢ᠌ᠮᠠᠨ ᠳᠤ ᠲᠤᠰ ᠤᠯᠤᠰ ᠤᠨ ᠶᠡᠷᠦᠩᠬᠡᠶᠢᠯᠡᠭᠴᠢ ᠰ∙ ᠵᠠᠫᠠᠷᠤᠪ ᠲᠤ ᠪᠠᠷᠠᠭᠠᠯᠬᠠᠯ᠎ᠠ᠃     

ᠮᠣᠩᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠭ∙ᠽᠠᠨᠳᠠᠨᠰᠢᠲᠠᠷ᠎ᠠ᠂ ᠮᠣᠩᠭᠣᠯ ᠤᠯᠤᠰ ᠲᠤ ᠬᠢᠭᠰᠡᠨ ᠲᠥᠷᠦ ᠶᠢᠨ ᠠᠶᠢᠯᠴᠢᠯᠠᠯ ᠠᠴᠠ ᠨᠢ ᠬᠣᠶᠢᠰᠢ ᠤᠳᠠᠯ ᠦᠭᠡᠢ ᠶᠡᠷᠦᠩᠬᠡᠶᠢᠯᠡᠭᠴᠢ ᠰ ∙ ᠵᠠᠫᠠᠷᠤᠪ ᠲᠠᠢ ᠠᠭᠤᠯᠵᠠᠵᠤ ᠪᠠᠶᠢᠭ᠎ᠠ ᠳᠤ ᠪᠠᠨ ᠪᠠᠶᠠᠷ ᠲᠠᠢ ᠪᠠᠶᠢᠭ᠎ᠠ ᠪᠠᠨ ᠢᠯᠡᠷᠬᠡᠶᠢᠯᠡᠭᠡᠳ᠂ ᠬᠣᠶᠠᠷ ᠤᠯᠤᠰ ᠤᠨ ᠲᠥᠷᠦ ᠶᠢᠨ ᠲᠡᠷᠢᠭᠦᠨ ᠨᠠᠷ ᠤᠨ ᠭᠠᠷ ᠤᠨ ᠦᠰᠦᠭ ᠵᠢᠷᠤᠵᠤ᠂ ᠮᠣᠩᠭᠣᠯ᠂ ᠺᠢᠷᠭᠢᠽ ᠦᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠬᠥᠭᠵᠢᠭᠦᠯᠬᠦ ᠬᠡᠲᠦ ᠶᠢᠨ ᠲᠥᠯᠦᠪ᠂ ᠴᠢᠭᠯᠡᠯ ᠢ ᠲᠣᠳᠣᠷᠬᠠᠶᠢᠯᠠᠭᠰᠠᠨᠨᠠᠶᠢᠷᠰᠠᠭ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠬᠦ ᠲᠤᠬᠠᠢ ᠮᠣᠩᠭᠣᠯ ᠤᠯᠤᠰ᠂ ᠪᠦᠭᠦᠳᠡ ᠨᠠᠶᠢᠷᠠᠮᠳᠠᠬᠤ ᠺᠢᠷᠭᠢᠽ ᠤᠯᠤᠰ ᠤᠨ ᠬᠠᠮᠲᠤᠷᠠᠭᠰᠠᠨ ᠲᠤᠩᠬᠠᠭᠯᠠᠯ  ᠤᠨ ᠵᠢᠭᠠᠯᠲᠠ ᠨᠤᠭᠤᠳ ᠬᠡᠷᠡᠭᠵᠢᠵᠦ ᠪᠠᠶᠢᠭ᠎ᠠ ᠳᠤ ᠰᠡᠳᠬᠢᠯ ᠬᠠᠩᠭᠠᠯᠤᠭᠤᠨ ᠪᠠᠶᠢᠭ᠎ᠠ ᠪᠠᠨ ᠲᠡᠮᠳᠡᠭᠯᠡᠪᠡ᠃  

ᠪᠦᠭᠦᠳᠡ ᠨᠠᠶᠢᠷᠠᠮᠳᠠᠬᠤ ᠺᠢᠷᠭᠢᠽ ᠤᠯᠤᠰ ᠤᠨ ᠶᠡᠷᠦᠩᠬᠡᠶᠢᠯᠡᠭᠴᠢ ᠰ∙ᠵᠠᠫᠠᠷᠤᠪ ᠳᠤᠲᠤᠨᠤ ᠶᠢᠨ ᠨᠥᠬᠥᠷ ᠮᠣᠩᠭᠣᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠳᠦ ᠬᠠᠯᠠᠭᠤᠨ ᠳᠣᠲᠣᠨᠣ ᠮᠡᠨᠳᠦᠴᠢᠯᠡᠭᠡ ᠶᠢ ᠤᠯᠠᠮᠵᠢᠯᠠᠬᠤ ᠶᠢ ᠬᠦᠰᠡᠯ᠎ᠡ᠃ ᠲᠡᠷᠡᠪᠡᠷ᠂ ᠬᠣᠶᠠᠷ ᠤᠯᠤᠰ ᠤᠨ ᠠᠭᠤᠯᠠ ᠠᠭᠤᠷᠬᠠᠢ᠂ ᠬᠥᠳᠡᠭᠡ ᠠᠵᠤ ᠠᠬᠤᠢ᠂ ᠮᠠᠯ ᠠᠵᠤ ᠠᠬᠤᠢ᠂ ᠵᠠᠮ ᠲᠡᠭᠡᠭᠡᠪᠦᠷᠢ᠂ ᠬᠦᠮᠦᠯᠢᠭ ᠵᠡᠷᠭᠡ ᠰᠠᠯᠪᠤᠷᠢ ᠳ᠋ᠠᠬᠢ ᠬᠠᠮᠲᠤ ᠶᠢᠨ ᠠᠵᠢᠯᠯᠠᠭ᠎ᠠ ᠪᠠᠨ ᠢᠳᠡᠪᠬᠢᠲᠡᠢᠬᠥᠭᠵᠢᠵᠦᠪᠠᠶᠢᠭ᠎ᠠ ᠶᠢ ᠲᠡᠮᠳᠡᠭᠯᠡᠭᠰᠡᠨ᠃ ᠲᠡᠭᠦᠨᠴᠢᠯᠡᠨ ᠮᠣᠩᠭᠣᠯ ᠤᠯᠤᠰ ᠤᠨ ᠶᠡᠷᠦᠩᠬᠡᠢ ᠰᠠᠶᠢᠳ ᠯ ∙  ᠤᠶᠤᠡᠡᠷᠳᠡᠨᠢ ᠶᠢᠨ 2023 ᠣᠨ ᠳᠤ ᠺᠢᠷᠭᠢᠽ ᠤᠯᠤᠰ ᠲᠤ ᠠᠶᠢᠯᠴᠢᠯᠠᠬᠤ ᠦᠶ᠎ᠡ ᠪᠡᠷ ᠺᠢᠷᠭᠢᠽ ᠤᠨ ᠲᠠᠯ᠎ᠠ ᠠᠴᠠ ᠰᠠᠨᠠᠯ ᠪᠣᠯᠭᠠᠭᠰᠠᠨ 《ᠺᠢᠷᠭᠢᠽ ᠠᠯᠲ᠋ᠢᠨᠺᠣᠮᠫᠠᠨᠢ ᠶᠢᠨ ᠲᠧᠭᠨᠣᠯᠣᠭᠢ ᠶᠢᠨ ᠲᠤᠰᠠᠯᠠᠮᠵᠢ ᠲᠠᠢ ᠪᠠᠷ ᠮᠣᠩᠭᠣᠯ ᠳᠤ ᠠᠯᠲᠠ ᠴᠡᠪᠡᠷᠰᠢᠭᠦᠯᠬᠦ ᠰᠠᠨᠠᠯ ᠬᠡᠷᠡᠭᠵᠢᠵᠦ ᠡᠬᠢᠯᠡᠵᠦ ᠪᠠᠶᠢᠭ᠎ᠠ ᠳᠤ ᠰᠡᠳᠬᠢᠯ ᠬᠠᠩᠭᠠᠯᠤᠭᠤᠨ ᠪᠤᠢ ᠪᠠᠨ ᠢᠯᠡᠷᠬᠡᠶᠢᠯᠡᠪᠡ᠃ 

 

ᠰᠡᠳᠬᠢᠭᠳᠡᠯ ᠦᠯᠡᠳᠡᠭᠡᠬᠦ