ᠤᠷᠬᠤᠨ ᠤ ᠬᠢᠨ ᠰᠤᠷᠤᠭᠴᠢᠳ ᠤᠨ ᠦᠳᠡ ᠶᠢᠨ ᠬᠣᠭᠣᠯᠠᠨ ᠤ ᠵᠠᠷᠤᠳᠠᠯ ᠢ ᠨᠡᠮᠡᠨ᠎ᠡ  | News.MN

 ᠤᠷᠬᠤᠨ ᠤ ᠬᠢᠨ ᠰᠤᠷᠤᠭᠴᠢᠳ ᠤᠨ ᠦᠳᠡ ᠶᠢᠨ ᠬᠣᠭᠣᠯᠠᠨ ᠤ ᠵᠠᠷᠤᠳᠠᠯ ᠢ ᠨᠡᠮᠡᠨ᠎ᠡ 

ᠮᠣᠩᠭᠣᠯ ᠤᠯᠤᠰ  ᠨᠢ ᠨᠢᠭᠡ ᠡᠴᠡ ᠲᠠᠪᠤᠳᠤᠭᠠᠷ ᠠᠩᠬᠢ ᠶᠢᠨ ᠰᠤᠷᠤᠭᠴᠢᠳ ᠤᠨ ᠦᠳᠡ ᠶᠢᠨ ᠬᠣᠭᠣᠯᠠᠨ ᠳᠤ ᠡᠳᠦᠷ ᠲᠦ 1500 ᠲᠥᠭᠥᠷᠢᠭ ᠵᠠᠷᠤᠴᠠᠭᠤᠯᠳᠠᠭ ᠪᠥᠭᠡᠳ ᠡᠨᠡ ᠨᠢ 350-450 ᠺᠢᠯᠣᠺᠠᠯᠣᠷᠢ  ᠶᠢᠨ ᠢᠯᠴᠢᠯᠢᠭ ᠲᠡᠢ ᠶᠤᠮ᠃ ᠡᠳᠦᠷ ᠦᠨ ᠬᠣᠭᠣᠯᠠ ᠶᠢ 2884 ᠲᠥᠭᠦᠷᠢᠭ᠂ ᠢᠯᠴᠢᠯᠢᠭ ᠢ 650-800 ᠺᠢᠯᠣᠺᠠᠯᠣᠷᠢ ᠪᠣᠯᠭᠠᠵᠤ  ᠨᠡᠮᠡᠭᠳᠡᠭᠦᠯᠪᠡᠯ ᠰᠤᠷᠤᠭᠴᠢᠳ ᠤᠨ ᠦᠰᠦᠯᠲᠡ᠂ ᠣᠢ ᠲᠣᠭᠲᠠᠭᠠᠯᠲᠠ᠂ ᠪᠡᠶ᠎ᠡ ᠪᠢᠯᠳᠠᠷ ᠤᠨ ᠬᠥᠭᠵᠢᠯ  ᠳᠦ ᠰᠠᠶᠢᠨ ᠢᠶᠠᠷ ᠨᠥᠯᠦᠭᠡᠯᠡᠨ᠎ᠡ ᠭᠡᠵᠦ  ᠪᠤᠯᠪᠠᠰᠤᠷᠠᠯ ᠰᠢᠨᠵᠢᠯᠡᠬᠦ ᠤᠬᠠᠭᠠᠨ ᠤ ᠶᠠᠮᠤᠨ ᠦᠵᠡᠵᠦ ᠪᠠᠶᠢᠨ᠎ᠠ᠃ 

ᠣᠷᠬᠣᠨ ᠠᠶᠢᠮᠠᠭ ᠲᠤ ᠲᠥᠷᠥ ᠶᠢᠨ ᠥᠮᠴᠢ ᠶᠢᠨ 17 ᠰᠤᠷᠭᠠᠭᠤᠯᠢ ᠳᠤ ᠨᠢᠭᠡ ᠡᠴᠡ ᠲᠠᠪᠤᠳᠤᠭᠠᠷ ᠠᠩᠭᠢ ᠳᠤ 11020 ᠬᠡᠦᠬᠡᠳ ᠰᠤᠷᠳᠠᠭ ᠪᠥᠭᠡᠳ ᠡᠳᠡᠭᠡᠷ ᠰᠤᠷᠤᠭᠴᠢᠳ ᠤᠨ ᠦᠳᠡ ᠶᠢᠨ ᠬᠣᠭᠣᠯᠠᠨ ᠤ ᠨᠡᠮᠡᠭᠳᠡᠯ ᠮᠥᠩᠭᠥ ᠶᠢ ᠣᠷᠬᠣᠨ ᠠᠶᠢᠮᠠᠭ᠂ᠡᠷᠳᠡᠨᠢᠲᠦ ᠦᠢᠯᠡᠳᠪᠦᠷᠢ ᠶᠢᠨ ᠬᠠᠮᠲᠤ ᠶᠢᠨ ᠠᠵᠢᠯᠯᠠᠭᠠᠨ ᠤ ᠰᠠᠩᠬᠦᠦᠵᠢᠯᠲᠡ ᠡᠴᠡ ᠰᠢᠢᠳᠪᠦᠷᠢᠯᠡᠬᠦ  ᠪᠠᠷ ᠠᠵᠢᠯᠯᠠᠵᠤ ᠪᠠᠶᠢᠨ᠎ᠠ᠃ 

ᠰᠡᠳᠬᠢᠭᠳᠡᠯ ᠦᠯᠡᠳᠡᠭᠡᠬᠦ