ᠦᠯᠭᠡ ᠭᠦᠷᠪᠡᠯ ᠦᠨ ᠣᠯᠳᠠᠪᠤᠷᠢ ᠨᠤᠭᠤᠳ ᠢᠶᠠᠷ ᠦᠵᠡᠰᠬᠦᠯᠡᠩ ᠭᠠᠷᠭᠠᠪᠠ  | News.MN

ᠦᠯᠭᠡ ᠭᠦᠷᠪᠡᠯ ᠦᠨ ᠣᠯᠳᠠᠪᠤᠷᠢ ᠨᠤᠭᠤᠳ ᠢᠶᠠᠷ ᠦᠵᠡᠰᠬᠦᠯᠡᠩ ᠭᠠᠷᠭᠠᠪᠠ 

ᠮᠣᠩᠭᠣᠯ ᠤᠯᠤᠰ ᠲᠤ ᠣᠷᠴᠢᠨ ᠴᠠᠭ ᠤᠨ ᠮᠦᠽᠧᠢ ᠡᠭᠦᠰᠴᠦ ᠬᠥᠭᠵᠢᠭᠰᠡᠨ ᠦ 100 ᠵᠢᠯ ᠦᠨ ᠣᠢ ᠶᠢᠨ ᠬᠦᠷᠢᠶᠡᠨ ᠳᠦ 《WELCOME HOME》ᠲᠤᠰᠬᠠᠢ ᠦᠵᠡᠰᠬᠦᠯᠡᠩ ᠢ ᠰᠤᠶᠤᠯ ᠤᠨ ᠶᠠᠮᠤᠨ ᠤ ᠳᠡᠮᠵᠢᠯᠭᠡ  ᠪᠡᠷ ᠪᠠᠢᠭᠠᠯᠢ ᠶᠢᠨ ᠲᠡᠦᠬᠡ ᠶᠢᠨ ᠮᠦᠽᠧᠢ ᠳᠦ ᠨᠡᠭᠡᠭᠡᠯ᠎ᠡ᠃ ᠦᠵᠡᠰᠬᠦᠯᠡᠩ 3 ᠳ᠋ᠤᠭᠠᠷ ᠰᠠᠷ᠎ᠠ ᠶᠢᠨ 17  ᠬᠦᠷᠲᠡᠯ᠎ᠡ ᠦᠷᠭᠦᠯᠵᠢᠯᠡᠨ᠎ᠡ᠃ 

ᠮᠣᠩᠭᠣᠯ᠂ ᠠᠮᠧᠷᠢᠺᠠ ᠶᠢᠨ ᠵᠠᠰᠠᠭ ᠤᠨ ᠭᠠᠵᠠᠷ ᠬᠣᠭᠣᠷᠣᠨᠳᠣ ᠶᠢᠨ ᠬᠠᠮᠲᠤ ᠶᠢᠨ ᠠᠵᠢᠯᠯᠠᠭᠠᠨ ᠤ ᠬᠦᠷᠢᠶᠡᠨ ᠳᠦ ᠠᠮᠧᠷᠢᠺᠠ  ᠳᠦ ᠬᠠᠤᠯᠢ ᠪᠤᠰᠤ ᠪᠠᠷ ᠤᠷᠤᠭᠰᠠᠨ ᠮᠣᠩᠭᠣᠯ ᠠᠴᠠ ᠭᠠᠷᠤᠯᠲᠠᠢ ᠦᠯᠭᠡ ᠭᠦᠷᠪᠡᠯ ᠦᠨ ᠣᠯᠳᠠᠪᠤᠷᠢ ᠨᠤᠭᠤᠳ ᠢ 2013᠂ 2015᠂ 2017᠂ 2020 ᠣᠨ ᠳᠤ ᠪᠤᠴᠠᠭᠠᠨ ᠠᠪᠤᠭᠰᠠᠨ ᠪᠥᠭᠡᠳ ᠡᠨᠡ ᠣᠨ ᠤ ᠬᠤᠶᠠᠳᠤᠭᠠᠷ ᠰᠠᠷ᠎ᠠ ᠶᠢᠨ 19  ᠦ ᠡᠳᠦᠷ ᠪᠠᠢᠭᠠᠯᠢ ᠶᠢᠨ ᠲᠡᠦᠬᠡ ᠶᠢᠨ ᠮᠦᠽᠧᠢ ᠵᠢᠷᠭᠤᠭᠠᠨ ᠲᠥᠷᠥᠯ ᠦᠨ ᠦᠯᠭᠡ ᠭᠦᠷᠪᠡᠯ ᠦᠨ 16 ᠣᠯᠳᠠᠪᠤᠷᠢ ᠶᠢ ᠬᠦᠯᠢᠶᠡᠨ ᠠᠪᠴᠠᠢ 

ᠦᠯᠭᠡ ᠭᠦᠷᠪᠡᠯ ᠦᠨ ᠣᠯᠳᠠᠪᠤᠷᠢ ᠶᠢ ᠪᠤᠴᠠᠭᠠᠨ ᠠᠪᠴᠤ ᠪᠤᠢ ᠨᠢ ᠬᠣᠶᠠᠷ ᠤᠯᠤᠰ ᠤᠨ ᠬᠤᠯᠪᠤᠭᠳᠠᠬᠤ ᠪᠠᠶᠢᠭᠤᠯᠤᠯᠭ᠎ᠠ ᠨᠤᠭᠤᠳ ᠮᠡᠷᠭᠡᠵᠢᠯ ᠦᠨ ᠥᠨᠳᠥᠷ ᠲᠦᠪᠰᠢᠨ ᠳᠦ ᠬᠠᠮᠲᠤᠷᠠᠨ ᠠᠵᠢᠯᠯᠠᠵᠤ ᠴᠢᠳᠠᠵᠤ ᠪᠠᠶᠢᠭ᠎ᠠ ᠶᠢᠨ ᠢᠯᠡᠷᠡᠯ ᠪᠥᠭᠡᠳ ᠰᠤᠶᠤᠯ ᠤᠨ ᠰᠠᠯᠪᠤᠷᠢ ᠶᠢᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠪᠡᠬᠢᠵᠢᠭᠦᠯᠬᠦ ᠠᠴᠢ ᠬᠣᠯᠪᠣᠭᠳᠠᠯ ᠲᠠᠢ ᠦᠢᠯᠡ ᠶᠠᠪᠤᠳᠠᠯ ᠪᠣᠯᠵᠤ ᠪᠠᠶᠢᠭ᠎ᠠ ᠪᠢᠯᠡ᠃ 

ᠰᠡᠳᠬᠢᠭᠳᠡᠯ ᠦᠯᠡᠳᠡᠭᠡᠬᠦ