ᠠᠷᠢᠬᠢᠨ ᠤ ᠲᠤᠰᠬᠠᠢ ᠵᠥᠪᠰᠢᠶᠡᠷᠡᠯ ᠢ ᠳᠡᠭᠦᠷᠭᠡ ᠶᠢᠨ ᠵᠠᠰᠠᠭ ᠳᠠᠷᠤᠭ᠎ᠠ ᠤᠯᠭᠤᠨ᠎ᠠ | News.MN

ᠠᠷᠢᠬᠢᠨ ᠤ ᠲᠤᠰᠬᠠᠢ ᠵᠥᠪᠰᠢᠶᠡᠷᠡᠯ ᠢ ᠳᠡᠭᠦᠷᠭᠡ ᠶᠢᠨ ᠵᠠᠰᠠᠭ ᠳᠠᠷᠤᠭ᠎ᠠ ᠤᠯᠭᠤᠨ᠎ᠠ

ᠤᠯᠠᠭᠠᠨᠪᠠᠭᠠᠲᠤᠷ ᠬᠤᠲᠠ ᠳᠤ ᠪᠢᠽᠢᠨᠧᠰ ᠡᠷᠬᠢᠯᠡᠵᠦ ᠪᠠᠶᠢᠭ᠎ᠠ ᠠᠵᠤ ᠠᠬᠤᠢ ᠶᠢᠨ ᠨᠢᠭᠡᠴᠡ᠂ ᠪᠠᠶᠢᠭᠤᠯᠤᠯᠭ᠎ᠠ ᠨᠤᠭᠤᠳ ᠲᠤ ᠨᠡᠶᠢᠰᠯᠡᠯ ᠦᠨ ᠬᠥᠭᠵᠢᠯ ᠦᠨ ᠪᠣᠳᠣᠯᠭ᠎ᠠ᠂ ᠴᠢᠭᠯᠡᠯ ᠢ ᠲᠠᠨᠢᠯᠴᠠᠭᠤᠯᠬᠤ《ᠬᠤᠳᠠᠯᠳᠤᠭ᠎ᠠ᠂ ᠦᠢᠯᠡᠴᠢᠯᠡᠭᠡᠨ ᠦ ᠰᠠᠯᠪᠤᠷᠢ ᠶᠢᠨ ᠪᠢᠽᠢᠨᠧᠰ ᠡᠷᠬᠢᠯᠡᠭᠴᠢᠳ ᠲᠦ ᠲᠤᠯᠭᠠᠮᠳᠠᠵᠤ ᠪᠤᠢ ᠠᠰᠠᠭᠤᠳᠠᠯ᠂ ᠰᠢᠢᠳᠪᠦᠷᠢᠯᠡᠬᠦ ᠠᠷᠭ᠎ᠠ ᠵᠠᠮ》ᠰᠡᠳᠦᠪᠲᠦ ᠠᠭᠤᠯᠵᠠᠯᠲᠠ ᠶᠢ ᠥᠨᠥᠳᠥᠷ ᠵᠣᠬᠢᠶᠠᠨ ᠪᠠᠶᠢᠭᠤᠯᠵᠤ ᠪᠠᠶᠢᠨ᠎ᠠ᠃ ᠠᠭᠤᠯᠵᠠᠯᠲᠠ ᠳᠤ ᠨᠡᠶᠢᠰᠯᠡᠯ ᠳᠦ ᠦᠢᠯᠡᠴᠢᠯᠡᠭᠡ ᠡᠷᠬᠢᠯᠡᠵᠦ ᠪᠠᠶᠢᠭ᠎ᠠ 700 ᠭᠠᠷᠤᠢ ᠢᠷᠭᠡᠨ᠂ ᠠᠵᠤ ᠠᠬᠤᠢ ᠶᠢᠨ ᠨᠢᠭᠡᠴᠡ ᠶᠢᠨ ᠲᠥᠯᠥᠭᠡᠯᠡᠯ ᠣᠷᠣᠯᠴᠠᠵᠤ ᠪᠠᠶᠢᠭ᠎ᠠ ᠶᠤᠮ᠃

ᠰᠤᠭᠳᠤᠭᠤᠷᠠᠭᠤᠯᠬᠤ ᠤᠮᠳᠠᠭᠠᠨ ᠬᠤᠳᠠᠯᠳᠤᠬᠤ᠂ ᠲᠡᠭᠦᠪᠡᠷ ᠦᠢᠯᠡᠴᠢᠯᠡᠬᠦ ᠲᠤᠰᠬᠠᠢ ᠵᠥᠪᠰᠢᠶᠡᠷᠡᠯ ᠣᠯᠭᠣᠬᠤ᠂ ᠰᠤᠩᠭᠠᠬᠤ᠂ ᠲᠦᠳᠡᠭᠡᠯᠵᠡᠭᠦᠯᠬᠦ᠂ ᠰᠡᠷᠭᠦᠭᠡᠬᠦ᠂ ᠬᠦᠴᠦᠨ ᠦᠭᠡᠢ ᠪᠣᠯᠭᠠᠬᠤ ᠡᠷᠬᠡ ᠶᠢ ᠡᠨᠡ ᠣᠨ ᠤ ᠭᠤᠷᠪᠠᠳᠤᠭᠠᠷ ᠰᠠᠷ᠎ᠠ ᠶᠢᠨ ᠠᠷᠪᠠᠨ ᠲᠠᠪᠤᠨ ᠠᠴᠠ ᠳᠡᠭᠦᠷᠭᠡ ᠶᠢᠨ ᠵᠠᠰᠠᠭ ᠳᠠᠷᠤᠭ᠎ᠠ ᠨᠠᠷ ᠲᠤ ᠰᠢᠯᠵᠢᠭᠦᠯᠦᠭᠰᠡᠨ᠃

ᠮᠥᠨ ᠵᠢᠵᠢᠭᠯᠡᠨ ᠬᠤᠳᠠᠯᠳᠤᠭᠠᠨ ᠤ ᠭᠠᠵᠠᠷ᠂ ᠲᠡᠭᠦᠨ ᠦ ᠦᠢᠯᠡᠴᠢᠯᠡᠭᠡ᠂ ᠶᠡᠷᠦᠩᠬᠡᠢ ᠱᠠᠭᠠᠷᠳᠠᠯᠭ᠎ᠠ ᠶᠢᠨ ᠰᠲ᠋ᠠᠨᠳᠠᠷᠲ ᠲᠤ ᠥᠭᠡᠷᠡᠴᠢᠯᠡᠯᠲᠡ ᠣᠷᠣᠭᠤᠯᠵᠤ᠂ ᠬᠦᠨᠡᠰᠦᠨ ᠦ ᠳᠡᠯᠭᠡᠭᠦᠷ ᠦᠨ ᠲᠠᠯᠠᠪᠠᠢ ᠶᠢᠨ ᠬᠡᠮᠵᠢᠶ᠎ᠡ ᠶᠢ 51  ᠡᠴᠡ 41 ᠠᠮᠠ ᠮᠧᠲ᠋ᠷ ᠪᠣᠯᠭᠠᠨ ᠦᠭᠡᠷᠡᠴᠢᠯᠡᠬᠦ ᠬᠦᠰᠡᠯᠲᠡ ᠶᠢ ᠲᠥᠷᠦ ᠶᠢᠨ ᠳᠡᠭᠡᠳᠦ ᠱᠠᠲᠤᠨ ᠤ ᠬᠣᠯᠪᠣᠭᠳᠠᠬᠤ ᠪᠠᠶᠢᠭᠤᠯᠤᠯᠭ᠎ᠠ ᠨᠤᠭᠤᠳ ᠲᠤ ᠬᠦᠷᠭᠡᠭᠦᠯᠦᠭᠰᠡᠨ  ᠪᠠᠢᠨ᠎ᠠ᠃

ᠰᠡᠳᠬᠢᠭᠳᠡᠯ ᠦᠯᠡᠳᠡᠭᠡᠬᠦ