ᠦᠨᠡᠲᠦ ᠮᠧᠲ᠋ᠠᠯ᠂ ᠦᠨᠡᠲᠦ ᠴᠢᠯᠠᠭᠤ᠂ ᠦᠨᠡᠲᠦ ᠡᠳ᠋ᠯᠡᠯ ᠦᠨ ᠰᠠᠯᠪᠤᠷᠢ ᠶᠢᠨ ᠣᠯᠪᠤᠷᠢᠯᠠᠭᠴᠢᠳ᠂ ᠪᠤᠷᠤᠯᠠᠭᠤᠯᠤᠭᠴᠢᠳ᠂ ᠦᠢᠯᠡᠳᠪᠦᠷᠢᠯᠡᠭᠴᠢᠳ᠂ ᠠᠷᠠᠯᠵᠢᠶ᠎ᠠ ᠡᠷᠬᠢᠯᠡᠭᠴᠢᠳ ᠤᠨ ᠤᠶᠠᠯᠳᠤᠭ᠎ᠠ ᠶᠢ ᠪᠡᠬᠢᠵᠢᠭᠦᠯᠬᠦ᠂ ᠳᠡᠮᠵᠢᠬᠦ᠂ ᠪᠦᠲᠦᠭᠡᠭᠳᠡᠬᠦᠨ ᠦᠢᠯᠡᠴᠢᠯᠡᠭᠡ ᠶᠢ ᠨᠢ ᠣᠯᠠᠨ ᠨᠡᠶᠢᠲᠡ ᠳᠦ ᠰᠤᠷᠲᠠᠯᠴᠢᠯᠠᠬᠤ᠂ ᠬᠤᠳᠠᠯᠳᠤᠭᠠᠯᠠᠬᠤ ᠵᠣᠷᠢᠯᠭ᠎ᠠ ᠲᠠᠢ 《Mongolian Jewellery and Metal Forum᠂ Expo-2024》ᠰᠠᠯᠪᠤᠷᠢ ᠶᠢᠨ ᠨᠢᠭᠡᠳᠦᠭᠰᠡᠨ ᠹᠣᠷᠣᠮ ᠡᠬᠢᠯᠡᠯ᠎ᠡ᠃
ᠤᠭ ᠴᠢᠭᠤᠯᠭᠠᠨ ᠢᠶᠠᠷ ᠰᠠᠯᠪᠤᠷᠢ ᠶᠢᠨ ᠢᠶᠠᠨ ᠠᠯᠳᠠᠭ᠎ᠠ ᠣᠨᠣᠭ᠎ᠠ ᠶᠢ᠂ ᠴᠠᠭᠠᠰᠢᠳᠠ ᠶᠢᠨ ᠬᠠᠮᠲᠤ ᠶᠢᠨ ᠠᠵᠢᠯᠯᠠᠭ᠎ᠠ ᠶᠢ ᠬᠡᠯᠡᠯᠴᠡᠬᠦ ᠡᠴᠡ ᠭᠠᠳᠠᠨ᠎ᠠ ᠦᠨᠡᠲᠦ ᠡᠳ᠋ᠯᠡᠯ᠂ ᠰᠤᠶᠤᠯ ᠤᠨ ᠥᠪ ᠦᠨ ᠬᠣᠣᠰ ᠦᠭᠡᠢ ᠪᠦᠲᠦᠭᠡᠯ ᠦᠳ᠂ ᠭᠣᠶᠣᠯ ᠴᠢᠮᠡᠭᠯᠡᠯ ᠦᠨ ᠲᠣᠮᠣ ᠦᠵᠡᠰᠬᠦᠯᠡᠩ᠂ ᠬᠤᠳᠠᠯᠳᠤᠭ᠎ᠠ ᠵᠣᠬᠢᠶᠠᠨ ᠪᠠᠶᠢᠭᠤᠯᠬᠤ ᠶᠤᠮ᠃
ᠹᠣᠷᠣᠮ ᠤᠨ ᠡᠬᠢᠨ ᠦ ᠬᠡᠰᠡᠭ ᠲᠦ ᠦᠨᠡᠲᠦ ᠮᠧᠲ᠋ᠠᠯ ᠤᠨ ᠰᠠᠯᠪᠤᠷᠢ ᠶᠢᠨ ᠥᠨᠥ ᠶᠢᠨ ᠨᠥᠬᠥᠴᠡᠯ ᠪᠠᠶᠢᠳᠠᠯ᠂ ᠦᠨᠡᠲᠦ ᠮᠧᠲ᠋ᠠᠯ᠂ ᠦᠨᠡᠲᠦ ᠴᠢᠯᠠᠭᠤ᠂ ᠦᠨᠡᠲᠦ ᠡᠳ᠋ᠯᠡᠯ ᠦᠨ ᠰᠠᠯᠪᠤᠷᠢ ᠶᠢᠨ ᠲᠤᠯᠭᠠᠮᠳᠠᠵᠤ ᠪᠤᠢ ᠠᠰᠠᠭᠤᠳᠠᠯ ᠤᠳ ᠬᠠᠷᠢᠨ ᠬᠤᠶᠠᠳᠠᠬᠢ ᠬᠡᠰᠡᠭ ᠲᠦ ᠨᠡᠶᠢᠰᠯᠡᠯ ᠦᠨ ᠭᠠᠷ ᠤᠷᠠᠯᠠᠯ ᠤᠨ ᠥᠨᠥ ᠶᠢᠨ ᠨᠥᠬᠥᠴᠡᠯ ᠪᠠᠶᠢᠳᠠᠯ᠂ ᠤᠷᠠᠨ ᠳᠠᠷᠬᠠᠨ ᠪᠣᠯᠤᠨ ᠦᠨᠡᠲᠦ ᠡᠳ᠋ᠯᠡᠯ ᠦᠨ ᠦᠢᠯᠡᠳᠪᠦᠷᠢᠯᠡᠯ ᠦᠨ ᠪᠢᠽᠨᠧᠰ ᠬᠥᠭᠵᠢᠯ ᠢ ᠲᠥᠷᠥ ᠡᠴᠡ ᠳᠡᠮᠵᠢᠬᠦ ᠪᠣᠳᠣᠯᠭ᠎ᠠ᠂ ᠣᠶᠤᠨ ᠤ ᠥᠮᠴᠢ ᠶᠢᠨ ᠵᠥᠷᠢᠴᠡᠯ ᠬᠢᠨᠠᠨ ᠰᠢᠢᠳᠪᠦᠷᠢᠯᠡᠬᠦ ᠵᠡᠷᠭᠡ ᠰᠡᠳᠦᠪ ᠢᠶᠡᠷ ᠬᠡᠯᠡᠯᠴᠡᠭᠦᠯᠭᠡ ᠪᠣᠯᠤᠭᠰᠠᠨ ᠪᠠᠶᠢᠨ᠎ᠠ᠃