ᠡᠨᠡᠳᠬᠡᠭ ᠤᠷᠤᠭᠤ ᠰᠢᠭᠤᠳ ᠨᠢᠰᠦᠯᠭᠡ ᠲᠡᠢ ᠪᠣᠯᠬᠤ ᠲᠠᠯ᠎ᠠ ᠪᠠᠷ ᠶᠠᠷᠢᠯᠴᠠᠪᠠ | News.MN

ᠡᠨᠡᠳᠬᠡᠭ ᠤᠷᠤᠭᠤ ᠰᠢᠭᠤᠳ ᠨᠢᠰᠦᠯᠭᠡ ᠲᠡᠢ ᠪᠣᠯᠬᠤ ᠲᠠᠯ᠎ᠠ ᠪᠠᠷ ᠶᠠᠷᠢᠯᠴᠠᠪᠠ

ᠵᠠᠮ ᠲᠡᠭᠡᠭᠡᠪᠦᠷᠢ ᠶᠢᠨ ᠬᠥᠭᠵᠢᠯ ᠦᠨ ᠳᠡᠳ᠋ ᠰᠠᠶᠢᠳ ᠯ∙ᠬᠠᠯᠲᠠᠷ ᠥᠴᠥᠭᠡᠳᠦᠷ ᠡᠨᠡᠳᠬᠡᠭ ᠦᠨ ᠡᠯᠴᠢᠨ ᠰᠠᠶᠢᠳ ᠠᠲ᠋ᠦ᠋ᠯ ᠮᠠᠯᠬᠠᠷᠢ ᠭᠤᠲᠰᠤᠷᠸᠸ ᠢ ᠬᠦᠯᠢᠶᠡᠨ ᠠᠪᠴᠤ ᠠᠭᠤᠯᠵᠠᠬᠤ ᠳᠤ ᠪᠠᠨ ᠬᠣᠶᠠᠷ ᠤᠯᠤᠰ ᠤᠨ ᠬᠣᠭᠣᠷᠣᠨᠳᠣ ᠰᠢᠭᠤᠳ ᠨᠢᠰᠦᠯᠭᠡ ᠡᠬᠢᠯᠡᠭᠦᠯᠬᠦ ᠬᠦᠰᠡᠯ ᠲᠡᠢ ᠪᠠᠶᠢᠭ᠎ᠠ ᠪᠠᠨ ᠢᠯᠡᠷᠬᠡᠶᠢᠯᠡᠵᠡᠢ᠃ ᠣᠳᠣ ᠪᠠᠷ ᠬᠣᠶᠠᠷ ᠤᠯᠤᠰ ᠤᠨ ᠬᠣᠭᠣᠷᠣᠨᠳᠣ ᠮᠣᠩᠭᠣᠯ ᠤᠨ ᠠᠭᠠᠷ ᠤᠨ ᠲᠡᠭᠡᠭᠡᠪᠦᠷᠢ ᠶᠢᠨ ᠬᠤᠪᠢ ᠶᠢᠨ ᠺᠣᠮᠫᠠᠨᠢ ᠨᠤᠭᠤᠳ 10 ᠭᠠᠷᠤᠢ ᠤᠳᠠᠭ᠎ᠠ ᠶᠢᠨ ᠵᠠᠬᠢᠶᠠᠯᠠᠭᠠᠲᠤ ᠨᠢᠰᠦᠯᠭᠡ ᠶᠢ ᠦᠢᠯᠡᠳᠦᠭᠡᠳ ᠪᠠᠶᠢᠨ᠎ᠠ᠃

ᠡᠨᠡᠳᠬᠡᠭ ᠤᠯᠤᠰ ᠠᠴᠠ ᠭᠠᠵᠠᠷ ᠤᠨ ᠲᠤᠰᠤ᠂ ᠮᠡᠳᠡᠭᠡᠯᠡᠯ ᠲᠧᠭᠨᠣᠯᠣᠭᠢ ᠶᠢᠨ ᠰᠠᠯᠪᠤᠷᠢ ᠳᠤ ᠠᠵᠢᠯᠯᠠᠬᠤ ᠮᠡᠷᠭᠡᠵᠢᠯᠲᠡᠳ ᠮᠠᠨ ᠤ ᠳᠤ ᠣᠯᠠᠨ  ᠢᠷᠡᠬᠦ ᠪᠣᠯᠤᠭᠰᠠᠨ ᠪᠣᠯ ᠮᠣᠩᠭᠣᠯ ᠠᠴᠠ ᠡᠨᠡᠳᠬᠡᠭ ᠤᠷᠤᠭᠤ ᠡᠷᠡᠭᠦᠯ ᠮᠡᠨᠳᠦ ᠶᠢᠨ ᠦᠢᠯᠡᠴᠢᠯᠡᠭᠡ ᠠᠪᠬᠤ᠂ ᠱᠠᠰᠢᠨ ᠤ ᠵᠠᠩ ᠦᠢᠯᠡ ᠶᠢᠨ ᠠᠷᠭ᠎ᠠ ᠬᠡᠮᠵᠢᠶᠡᠨ ᠳᠦ ᠣᠷᠣᠯᠴᠠᠬᠤ ᠪᠠᠷ ᠣᠴᠢᠬᠤ ᠢᠷᠭᠡᠳ ᠰᠡᠭᠦᠯ ᠦᠨ ᠵᠢᠯ ᠦᠳ ᠲᠦ ᠨᠡᠮᠡᠭᠳᠡᠭᠰᠡᠨ ᠭᠡᠳᠡᠭ ᠢ ᠵᠠᠮ ᠲᠡᠭᠡᠭᠡᠪᠦᠷᠢ ᠶᠢᠨ ᠶᠠᠮᠤᠨ ᠠᠴᠠ ᠮᠡᠳᠡᠭᠡᠯᠡᠪᠡ᠃ ᠮᠥᠨ ᠠᠭᠤᠯᠵᠠᠯᠲᠠ ᠪᠠᠷ ᠠᠭᠤᠯᠠ ᠠᠭᠤᠷᠬᠠᠢ ᠶᠢᠨ ᠪᠦᠲᠦᠭᠡᠭᠳᠡᠬᠦᠨ ᠲᠡᠭᠡᠭᠡᠪᠦᠷᠢᠯᠡᠬᠦ ᠠᠷᠭ᠎ᠠ ᠵᠠᠮ ᠤᠳ ᠢ ᠰᠤᠳᠤᠯᠬᠤ ᠬᠠᠮᠲᠤᠷᠠᠭᠰᠠᠨ ᠠᠵᠢᠯ ᠤᠨ ᠬᠡᠰᠡᠭ ᠪᠠᠶᠢᠭᠤᠯᠵᠤ ᠲᠤᠷᠰᠢᠯᠲᠠ ᠶᠢᠨ ᠲᠡᠭᠡᠭᠡᠪᠦᠷᠢ ᠬᠢᠬᠦ ᠪᠡᠷ ᠲᠣᠬᠢᠷᠠᠭᠰᠠᠨ ᠪᠥᠭᠡᠳ ᠡᠨᠡ ᠨᠢ ᠪᠦᠲᠦᠮᠵᠢᠲᠡᠢ ᠪᠣᠯᠪᠠᠯ ᠲᠠᠪᠤᠨᠲᠣᠯᠣᠭᠠᠢ ᠶᠢᠨ ᠺᠣᠺᠰᠵᠢᠬᠤ ᠨᠡᠭᠦᠷᠡᠰᠦ ᠶᠢ ᠡᠨᠡᠳᠬᠡᠭ ᠤᠯᠤᠰ ᠤᠷᠤᠭᠤ ᠡᠺᠰᠫᠣᠷᠲᠯᠠᠬᠤ ᠪᠣᠯᠤᠮᠵᠢ ᠶᠢ ᠨᠡᠭᠡᠭᠡᠬᠦ  ᠶᠤᠮ᠃

ᠰᠡᠳᠬᠢᠭᠳᠡᠯ ᠦᠯᠡᠳᠡᠭᠡᠬᠦ