31 ᠲᠣᠯᠣᠭᠠᠢ ᠴᠠᠭᠠᠨ ᠵᠡᠭᠡᠷ᠎ᠡ ᠶᠢ ᠤᠰᠤᠨ ᠠᠴᠠ ᠭᠠᠷᠭᠠᠵᠤ᠂ ᠤᠰᠠᠳᠬᠠᠵᠠᠢ | News.MN

31 ᠲᠣᠯᠣᠭᠠᠢ ᠴᠠᠭᠠᠨ ᠵᠡᠭᠡᠷ᠎ᠡ ᠶᠢ ᠤᠰᠤᠨ ᠠᠴᠠ ᠭᠠᠷᠭᠠᠵᠤ᠂ ᠤᠰᠠᠳᠬᠠᠵᠠᠢ

ᠰᠡᠭᠦᠯ ᠦᠨ ᠵᠢᠯ ᠦᠳ ᠲᠦ ᠣᠨᠣᠨ᠂ ᠪᠠᠯᠵᠢ ᠶᠢᠨ ᠪᠠᠢᠭᠠᠯᠢ ᠶᠢᠨ ᠴᠣᠭᠴᠠᠯᠠᠪᠤᠷᠢ ᠭᠠᠵᠠᠷ ᠲᠤ ᠴᠠᠭᠠᠨ ᠵᠡᠭᠡᠷ᠎ᠡ ᠶᠢᠨ ᠲᠣᠮᠣᠬᠠᠨ ᠰᠦᠷᠦᠭ ᠦᠳ ᠨᠡᠭᠦᠳᠡᠯᠯᠡᠨ ᠢᠷᠡᠵᠦ ᠡᠪᠦᠯᠵᠢᠨ᠂ ᠬᠠᠪᠤᠷ ᠲᠤ ᠪᠠᠨ ᠪᠤᠴᠠᠵᠤ ᠪᠤᠢ᠃ ᠡᠨᠡ ᠬᠦ ᠰᠢᠯᠵᠢᠯᠲᠡ ᠬᠥᠳᠡᠯᠭᠡᠭᠡᠨ ᠨᠢ ᠵᠢᠯ ᠪᠦᠷᠢ ᠶᠢᠨ 3-4 ᠳ᠋ᠤᠭᠡᠷ ᠰᠠᠷ᠎ᠠ ᠳᠤ ᠶᠠᠪᠤᠭᠳᠠᠳᠠᠭ ᠪᠥᠭᠡᠳ ᠡᠨᠡ ᠵᠢᠯ ᠦᠨ ᠬᠤᠪᠢ ᠳᠤ ᠣᠯᠠᠨ ᠵᠢᠯ ᠦᠨ ᠳᠤᠮᠳᠠᠴᠢ ᠠᠴᠠ ᠳᠤᠯᠠᠭᠠᠨ ᠪᠠᠶᠢᠭ᠎ᠠ ᠲᠤᠯᠠ ᠭᠣᠣᠯ ᠤᠨ ᠮᠥᠰᠥ ᠡᠷᠲᠡ ᠴᠦᠮᠦᠷᠡᠵᠦ᠂ ᠭᠣᠣᠯ ᠤᠨ ᠤᠰᠤᠨ ᠳᠤ ᠴᠠᠭᠠᠨ ᠵᠡᠭᠡᠷ᠎ᠡ ᠡᠨᠡᠳᠡᠬᠦ ᠲᠣᠬᠢᠶᠠᠯᠳᠤᠯ ᠶᠡᠬᠡ ᠭᠠᠷᠴᠤ ᠪᠠᠶᠢᠨ᠎ᠠ᠃

ᠡᠶᠢᠮᠦ ᠳᠦ ᠲᠤᠰ ᠬᠠᠮᠠᠭᠠᠯᠠᠯᠲᠠ ᠶᠢᠨ ᠵᠠᠬᠢᠷᠭ᠎ᠠ ᠳᠡᠯᠡᠬᠡᠢ ᠶᠢᠨ ᠪᠠᠶᠢᠭᠠᠯᠢ ᠬᠠᠮᠠᠭᠠᠯᠠᠬᠤ ᠰᠠᠩ ᠤᠨ ᠮᠣᠩᠭᠣᠯ ᠳ᠋ᠡᠬᠢ ᠬᠡᠷᠡᠭ ᠡᠷᠬᠢᠯᠡᠬᠦ ᠭᠠᠵᠠᠷ ᠪᠣᠯᠤᠨ ᠨᠤᠲᠤᠭ ᠤᠨ ᠢᠷᠭᠡᠳ ᠲᠡᠢ ᠬᠠᠮᠲᠤᠷᠠᠨ ᠣᠨᠣᠨ᠂ ᠪᠠᠯᠵᠢ ᠭᠣᠣᠯ ᠤᠳ ᠤᠨ ᠰᠠᠪᠠ ᠭᠠᠵᠠᠷ ᠳᠠᠬᠢ ᠮᠠᠯ ᠠᠮᠢᠲᠠᠨ ᠤ ᠰᠡᠭ ᠵᠡᠮ ᠢ ᠴᠡᠪᠡᠷᠯᠡᠬᠦ ᠠᠵᠢᠯ ᠢ ᠵᠣᠬᠢᠶᠠᠨ ᠪᠠᠶᠢᠭᠤᠯᠵᠠᠢ᠃ ᠣᠳᠣ ᠶᠢᠨ ᠪᠠᠶᠢᠳᠠᠯ ᠢᠶᠠᠷ 31 ᠲᠣᠯᠣᠭᠠᠢ ᠴᠠᠭᠠᠨ ᠵᠡᠭᠡᠷ᠎ᠡ ᠶᠢ ᠤᠰᠤᠨ ᠠᠴᠠ ᠭᠠᠷᠭᠠᠵᠤ ᠬᠠᠯᠳᠠᠪᠤᠷᠢᠭᠦᠶᠢᠵᠢᠭᠦᠯᠦᠨ ᠤᠰᠠᠳᠬᠠᠭᠠᠳ ᠪᠠᠶᠢᠨ᠎ᠠ᠃

ᠰᠡᠳᠬᠢᠭᠳᠡᠯ ᠦᠯᠡᠳᠡᠭᠡᠬᠦ