ᠮᠠᠯ ᠵᠦᠢᠴᠢᠳ ᠬᠢᠨᠠᠯᠲᠠ ᠰᠢᠯᠭᠠᠯᠲᠠ ᠬᠢᠬᠦ ᠡᠷᠬᠡ ᠲᠡᠢ ᠪᠣᠯᠤᠯ᠎ᠠ | News.MN

ᠮᠠᠯ ᠵᠦᠢᠴᠢᠳ ᠬᠢᠨᠠᠯᠲᠠ ᠰᠢᠯᠭᠠᠯᠲᠠ ᠬᠢᠬᠦ ᠡᠷᠬᠡ ᠲᠡᠢ ᠪᠣᠯᠤᠯ᠎ᠠ

︽ᠮᠠᠯ ᠤᠨ ᠭᠧᠨᠧᠲ᠋ᠢᠭ ᠨᠥᠭᠡᠴᠡ ᠶᠢᠨ ᠲᠤᠬᠠᠢ︾ᠬᠠᠤᠯᠢ  ᠳᠤ ᠨᠡᠮᠡᠯᠲᠡ ᠥᠭᠡᠷᠡᠴᠢᠯᠡᠯᠲᠡ ᠣᠷᠣᠭᠰᠠᠨ ᠲᠠᠢ ᠬᠣᠯᠪᠣᠭᠳᠠᠭᠤᠯᠤᠨ ᠰᠤᠮᠤ ᠶᠢᠨ ᠬᠥᠳᠡᠭᠡ ᠠᠵᠤ ᠠᠬᠤᠢ ᠶᠢᠨ ᠲᠠᠰᠤᠭ ᠤᠨ ᠮᠠᠯ ᠵᠦᠢᠴᠢ ᠮᠡᠷᠭᠡᠵᠢᠯᠲᠡᠳ ᠲᠦ ᠤᠯᠤᠰ ᠤᠨ ᠪᠠᠶᠢᠴᠠᠭᠠᠭᠴᠢ ᠶᠢᠨ ᠡᠷᠬᠡ ᠣᠯᠭᠣᠬᠤ᠂ ᠮᠠᠯ ᠤᠨ ᠭᠧᠨᠧᠲ᠋ᠢᠭ ᠨᠥᠭᠡᠴᠡ ᠳᠤ ᠬᠠᠮᠢᠶᠠᠷᠤᠯ ᠲᠠᠢ ᠤᠯᠠᠮᠵᠢᠯᠠᠯᠲᠤ ᠮᠡᠳᠡᠯᠭᠡ᠂ ᠥᠪ ᠲᠡᠭᠡᠭᠡᠭᠴᠢ ᠶᠢ ᠪᠦᠷᠢᠳᠬᠡᠬᠦ ᠰᠤᠷᠭᠠᠯᠲᠠ ᠵᠣᠬᠢᠶᠠᠨ ᠪᠠᠶᠢᠭᠤᠯᠪᠠ᠃

ᠬᠦᠳᠡᠭᠡ ᠠᠵᠤ ᠠᠬᠤᠢ ᠶᠢᠨ ᠶᠠᠮᠤᠨ᠂ ᠬᠥᠳᠡᠭᠡ ᠠᠵᠤ ᠠᠬᠤᠢ ᠶᠢᠨ ᠶᠡᠬᠡ ᠰᠤᠷᠭᠠᠭᠤᠯᠢ ᠬᠠᠮᠲᠤᠷᠠᠨ ᠵᠣᠬᠢᠶᠠᠨ ᠪᠠᠶᠢᠭᠤᠯᠤᠭᠰᠠᠨ ᠰᠤᠷᠭᠠᠯᠲᠠ ᠳᠤ ᠠᠶᠢᠮᠠᠭ᠂ ᠨᠡᠶᠢᠰᠯᠡᠯ ᠦᠨ ᠬᠦᠳᠡᠭᠡ ᠠᠵᠤ ᠠᠬᠤᠢ ᠶᠢᠨ ᠭᠠᠵᠠᠷ ᠤᠨ ᠮᠠᠯ ᠦᠷᠡᠵᠢᠯ ᠦᠨ ᠠᠯᠪᠠᠨ ᠤ ᠳᠠᠷᠤᠭ᠎ᠠ᠂ ᠰᠤᠮᠤᠳ ᠤᠨ ᠬᠥᠳᠡᠭᠡ ᠠᠵᠤ ᠠᠬᠤᠢ ᠶᠢᠨ ᠲᠠᠰᠤᠭ ᠤᠨ ᠮᠠᠯ ᠠᠵᠤ ᠠᠬᠤᠢ ᠶᠢᠨ ᠦᠢᠯᠡᠳᠪᠦᠷᠢᠯᠡᠯ᠂ ᠲᠦᠯᠦᠪᠯᠡᠯᠲᠡ᠂ ᠮᠧᠨᠧᠵᠮᠧᠨᠲ᠂ ᠮᠠᠯ ᠤᠨ ᠦᠷᠡᠵᠢᠯ ᠪᠦᠷᠢᠳᠬᠡᠯ ᠦᠨ ᠠᠰᠠᠭᠤᠳᠠᠯ ᠬᠠᠷᠢᠭᠤᠴᠠᠭᠰᠠᠨ ᠮᠠᠯ ᠵᠦᠢᠴᠢ ᠵᠡᠷᠭᠡ 150 ᠮᠡᠷᠭᠡᠵᠢᠯᠲᠡᠨ ᠰᠤᠷᠭᠠᠯᠲᠠ ᠳᠤ ᠬᠠᠮᠤᠷᠤᠭᠳᠠᠭᠰᠠᠨ ᠪᠠᠢᠨ᠎ᠠ᠃

ᠰᠡᠳᠬᠢᠭᠳᠡᠯ ᠦᠯᠡᠳᠡᠭᠡᠬᠦ