ᠭᠠᠯᠲᠤ ᠲᠡᠷᠭᠡᠨ ᠦ ᠬᠥᠳᠡᠯᠭᠡᠭᠡᠨ ᠵᠣᠬᠢᠴᠠᠭᠤᠯᠤᠯᠲᠠ ᠶᠢᠨ ᠨᠢᠭᠡᠳᠦᠭᠰᠡᠨ ᠲᠥᠪ ᠪᠠᠷᠢᠨ᠎ᠠ | News.MN

ᠭᠠᠯᠲᠤ ᠲᠡᠷᠭᠡᠨ ᠦ ᠬᠥᠳᠡᠯᠭᠡᠭᠡᠨ ᠵᠣᠬᠢᠴᠠᠭᠤᠯᠤᠯᠲᠠ ᠶᠢᠨ ᠨᠢᠭᠡᠳᠦᠭᠰᠡᠨ ᠲᠥᠪ ᠪᠠᠷᠢᠨ᠎ᠠ

ᠪᠦᠭᠦᠳᠡ ᠨᠠᠢᠷᠠᠮᠳᠠᠬᠤ ᠰᠤᠯᠤᠩᠭᠤᠰ ᠤᠯᠤᠰ ᠤᠨ 14 ᠰᠠᠶ᠎ᠠ ᠳ᠋ᠣᠯᠯᠠᠷ ᠤᠨ ᠪᠤᠴᠠᠯᠲᠠ ᠦᠭᠡᠢ ᠲᠤᠰᠠᠯᠠᠮᠵᠢ ᠪᠠᠷ ᠭᠠᠯᠲᠤ ᠲᠡᠷᠭᠡᠨ ᠦ ᠬᠥᠳᠡᠯᠭᠡᠭᠡᠨ ᠵᠣᠬᠢᠴᠠᠭᠤᠯᠤᠯᠲᠠ ᠶᠢᠨ ᠨᠢᠭᠡᠳᠦᠭᠰᠡᠨ ᠲᠥᠪ ᠢ ᠪᠠᠷᠢᠨ᠎ᠠ᠃ ᠪᠠᠷᠢᠯᠭ᠎ᠠ ᠶᠢᠨ ᠰᠢᠪᠠ ᠶᠢ 04 ᠰᠠᠷ᠎ᠠ ᠶᠢᠨ 12 ᠳᠦ ᠲᠠᠯᠪᠢᠵᠤ᠂ ᠠᠵᠢᠯ ᠢᠶᠠᠨ ᠡᠬᠢᠯᠡᠭᠦᠯᠦᠯ᠎ᠡ᠃

ᠲᠤᠰ ᠪᠠᠷᠢᠯᠭ᠎ᠠ ᠠᠰᠢᠭᠯᠠᠯᠲᠠ ᠳᠤ ᠤᠷᠤᠪᠠᠯ ᠠᠯᠪᠠᠨ ᠬᠠᠭᠠᠭᠴᠢᠳ ᠤᠨ ᠠᠵᠢᠯᠯᠠᠬᠤ ᠣᠷᠴᠢᠨ ᠰᠠᠶᠢᠵᠢᠷᠠᠵᠤ᠂ ᠠᠵᠢᠯ ᠤᠨ ᠪᠦᠲᠦᠭᠡᠮᠵᠢ ᠨᠡᠮᠡᠭᠳᠡᠨ᠂ ᠣᠷᠴᠢᠨ ᠦᠶ᠎ᠡ ᠶᠢᠨ ᠳᠡᠪᠰᠢᠯᠲᠡᠲᠦ ᠲᠧᠭᠨᠣᠯᠣᠭᠢ᠂ ᠰᠢᠰᠲ᠋ᠧᠮ ᠢ ᠠᠰᠢᠭᠯᠠᠨ ᠲᠡᠮᠦᠷ ᠵᠠᠮ ᠤᠨ ᠰᠠᠭᠤᠷᠢ ᠪᠦᠲᠦᠴᠡ ᠨᠦᠭᠦᠳ ᠦᠨ ᠭᠠᠯᠲᠤ ᠲᠡᠷᠭᠡᠨ ᠦ ᠬᠥᠳᠡᠯᠭᠡᠭᠡᠨ ᠦ ᠤᠳᠤᠷᠢᠳᠤᠯᠭ᠎ᠠ ᠪᠠᠷ ᠬᠠᠩᠭᠠᠵᠤ᠂ ᠵᠣᠬᠢᠴᠠᠭᠤᠯᠤᠯᠲᠠ ᠬᠢᠬᠦ ᠪᠣᠯᠤᠮᠵᠢ ᠪᠥᠷᠢᠳᠦᠨ᠎ᠡ᠃

ᠮᠥᠨ ᠨᠢᠭᠡᠳᠦᠭᠰᠡᠨ ᠵᠢᠷᠤᠮᠠᠭ ᠤᠨ ᠭᠦᠢᠴᠡᠳᠬᠡᠯ ᠰᠠᠶᠢᠵᠢᠷᠠᠨ᠂ ᠲᠡᠮᠦᠷ ᠵᠠᠮ ᠤᠨ ᠰᠦᠯᠵᠢᠶᠡᠨ ᠦ ᠲᠡᠭᠡᠭᠡᠬᠦ᠂ ᠨᠡᠪᠲᠡᠷᠡᠭᠦᠯᠬᠦ ᠴᠢᠳᠠᠪᠤᠷᠢ᠂ ᠬᠥᠳᠡᠯᠬᠦ ᠪᠦᠷᠢᠯᠳᠦᠬᠦᠨ ᠢ ᠪᠦᠷᠢᠨ ᠠᠰᠢᠭᠯᠠᠬᠤ ᠪᠣᠯᠤᠮᠵᠢ ᠲᠠᠢ ᠪᠣᠯᠤᠨ᠎ᠠ᠃ ᠪᠠᠷᠢᠯᠭ᠎ᠠ ᠢᠷᠡᠬᠦ ᠣᠨ ᠤ ᠠᠷᠪᠠᠨ ᠨᠢᠭᠡᠳᠦᠭᠡᠷ ᠰᠠᠷ᠎ᠠ ᠳᠤ ᠪᠠᠷᠢᠯᠭ᠎ᠠ ᠶᠢᠨ ᠠᠵᠢᠯ ᠳᠠᠭᠤᠰᠤᠨ᠎ᠠ ᠭᠡᠵᠦ ᠵᠠᠮ ᠲᠡᠭᠡᠭᠡᠪᠦᠷᠢ ᠶᠢᠨ ᠬᠥᠭᠵᠢᠯ ᠦᠨ ᠶᠠᠮᠤᠨ ᠠᠴᠠ ᠮᠡᠳᠡᠭᠡᠯᠡᠪᠡ᠃

ᠰᠡᠳᠬᠢᠭᠳᠡᠯ ᠦᠯᠡᠳᠡᠭᠡᠬᠦ