ᠮᠣᠩᠭᠣᠯ ᠪᠢᠴᠢᠭ ᠦᠨ《ᠲᠡᠷᠢᠭᠦᠨ ᠦ ᠬᠤᠷᠳᠤᠨ ᠤᠩᠰᠢᠭᠴᠢ》ᠬᠡᠦᠬᠡᠳ ᠦᠳ ᠢ ᠰᠢᠯᠭᠠᠷᠠᠭᠤᠯᠤᠨ᠎ᠠ | News.MN

ᠮᠣᠩᠭᠣᠯ ᠪᠢᠴᠢᠭ ᠦᠨ《ᠲᠡᠷᠢᠭᠦᠨ ᠦ ᠬᠤᠷᠳᠤᠨ ᠤᠩᠰᠢᠭᠴᠢ》ᠬᠡᠦᠬᠡᠳ ᠦᠳ ᠢ ᠰᠢᠯᠭᠠᠷᠠᠭᠤᠯᠤᠨ᠎ᠠ

ᠦᠨᠳᠦᠰᠦᠨ ᠦ ᠪᠢᠴᠢᠭ ᠦᠰᠦᠭ ᠦᠨ ᠪᠠᠶᠠᠷ ᠢ ᠤᠭᠲᠤᠨ ᠳᠤᠮᠳᠠᠭᠤᠪᠢ ᠠᠶᠢᠮᠠᠭ ᠤᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ ᠰᠤᠷᠤᠯᠴᠠᠭᠴᠢᠳ ᠤᠨ ᠳᠤᠮᠳᠠ ᠮᠣᠩᠭᠣᠯ ᠪᠢᠴᠢᠭ ᠦᠨ 《ᠲᠡᠷᠢᠭᠦᠨ ᠦ ᠬᠤᠷᠳᠤᠨ ᠤᠩᠰᠢᠭᠴᠢ》ᠰᠢᠯᠭᠠᠷᠠᠭᠤᠯᠬᠤ ᠤᠷᠤᠯᠳᠤᠭᠠᠨ ᠢ ᠡᠨᠡ ᠰᠠᠷ᠎ᠠ ᠶᠢᠨ ᠠᠷᠪᠠᠨ ᠶᠢᠰᠦᠨ ᠳᠦ ᠮᠠᠨᠳᠠᠯᠭᠣᠪᠢ ᠬᠤᠲᠠ ᠳᠤ ᠵᠣᠬᠢᠶᠠᠨ ᠪᠠᠶᠢᠭᠤᠯᠤᠨ᠎ᠠ᠃

ᠮᠣᠩᠭᠣᠯ ᠤᠨ ᠦᠨᠳᠦᠰᠦᠨ ᠦ ᠪᠢᠴᠢᠭ᠂ ᠲᠡᠦᠬᠡ ᠰᠤᠶᠤᠯ᠂ ᠤᠯᠠᠮᠵᠢᠯᠠᠯ ᠢ ᠲᠦᠭᠡᠭᠡᠨ ᠳᠡᠯᠭᠡᠷᠡᠭᠦᠯᠬᠦ᠂ ᠥᠪᠯᠡᠭᠦᠯᠬᠦ᠂ ᠦᠨᠳᠦᠰᠦᠨ ᠦ ᠪᠢᠴᠢᠭ ᠦᠰᠦᠭ ᠢᠶᠡᠷ ᠪᠠᠬᠠᠷᠬᠠᠬᠤ᠂ ᠰᠤᠷᠴᠤ ᠡᠵᠡᠮᠰᠢᠬᠦ ᠬᠦᠰᠡᠯ ᠡᠷᠡᠮᠡᠯᠵᠡᠯ ᠢ ᠲᠥᠷᠥᠭᠦᠯᠬᠦ ᠶᠢᠨ ᠲᠤᠯᠠᠳᠠ ᠵᠣᠬᠢᠶᠠᠨ ᠪᠠᠶᠢᠭᠤᠯᠵᠤ ᠪᠤᠢ ᠲᠤᠰ ᠤᠷᠤᠯᠳᠤᠭᠠᠨ ᠢ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠦᠨ 6-7᠂ 8-9᠂ 10-12 ᠳ᠋ᠤᠭᠠᠷ ᠠᠩᠭᠢ ᠭᠡᠰᠡᠨ ᠭᠤᠷᠪᠠᠨ ᠠᠩᠭᠢᠯᠠᠯ ᠢᠶᠠᠷ ᠵᠣᠬᠢᠶᠠᠨ ᠪᠠᠶᠢᠭᠤᠯᠵᠤ᠂ ᠨᠢᠭᠡ ᠰᠤᠷᠭᠠᠭᠤᠯᠢ ᠠᠴᠠ ᠠᠩᠭᠢ ᠲᠤᠰ ᠪᠦᠷᠢ 2 ᠰᠤᠷᠤᠯᠴᠠᠭᠴᠢ ᠶᠢ ᠣᠷᠤᠯᠴᠠᠭᠤᠯᠤᠨ᠎ᠠ᠃

ᠣᠷᠣᠯᠴᠠᠭᠴᠢᠳ ᠲᠤ ᠮᠣᠩᠭᠣᠯ ᠦᠨᠳᠦᠰᠦᠨ ᠦ ᠬᠤᠪᠴᠠᠰᠤ ᠡᠮᠥᠰᠬᠦ᠂《ᠬᠥᠮᠥᠨ ᠪᠢᠴᠢᠭ》ᠰᠣᠨᠢᠨ ᠠᠴᠠ ᠠᠯᠳᠠᠭ᠎ᠠ ᠦᠭᠡᠢ ᠵᠥᠪ ᠤᠩᠰᠢᠬᠤ ᠪᠡᠯᠡᠳᠬᠡᠯ ᠢᠶᠡᠨ ᠬᠠᠩᠭᠠᠭᠰᠠᠨ ᠪᠠᠶᠢᠬᠤ ᠱᠠᠭᠠᠷᠳᠠᠯᠭ᠎ᠠ ᠲᠠᠯᠪᠢᠵᠤ ᠪᠠᠶᠢᠭ᠎ᠠ ᠪᠠ ᠤᠩᠰᠢᠯᠭ᠎ᠠ ᠬᠢᠬᠦ ᠬᠤᠭᠤᠴᠠᠭ᠎ᠠ ᠨᠢᠭᠡ ᠮᠢᠨᠦ᠋ᠲ ᠪᠠᠶᠢᠬᠤ ᠶᠤᠮ᠃《ᠲᠡᠷᠢᠭᠦᠨ ᠦ ᠬᠤᠷᠳᠤᠨ ᠤᠩᠰᠢᠭᠴᠢ》ᠰᠢᠯᠭᠠᠷᠠᠭᠤᠯᠬᠤ ᠤᠷᠤᠯᠳᠤᠭᠠᠨ ᠢ ᠠᠶᠢᠮᠠᠭ ᠤᠨ ᠬᠡᠮᠵᠢᠶᠡᠨ ᠳᠦ ᠬᠤᠶᠠᠷ ᠦᠶ᠎ᠡ ᠱᠠᠲᠤ ᠲᠠᠢ ᠪᠠᠷ ᠵᠣᠬᠢᠶᠠᠨ ᠪᠠᠶᠢᠭᠤᠯᠵᠤ ᠪᠠᠶᠢᠭ᠎ᠠ ᠪᠠ ᠰᠤᠷᠭᠠᠭᠤᠯᠢ ᠪᠦᠷ ᠡᠬᠢᠨ ᠦ ᠱᠠᠲᠤᠨ ᠤ ᠰᠢᠯᠭᠠᠷᠠᠭᠤᠯᠤᠯᠲᠠ ᠶᠢ ᠶᠠᠪᠤᠭᠤᠯᠵᠤ᠂ ᠠᠩᠭᠢᠯᠠᠯ ᠲᠤᠰ ᠪᠦᠷᠢ ᠳᠦ ᠠᠩᠭᠢ ᠨᠤᠭᠤᠳ ᠠᠴᠠ ᠰᠢᠯᠭᠠᠷᠠᠭᠰᠠᠨ ᠬᠤᠶᠠᠷ ᠤᠩᠰᠢᠭᠴᠢ ᠶᠢ ᠠᠶᠢᠮᠠᠭ ᠤᠨ ᠤᠷᠤᠯᠳᠤᠭᠠᠨ ᠳᠤ ᠣᠷᠤᠯᠴᠠᠭᠤᠯᠬᠤ ᠪᠠ ᠳᠡᠭᠡᠷᠡᠬᠢ ᠠᠩᠭᠢᠯᠠᠯ ᠲᠤᠰ ᠪᠦᠷᠢ ᠡᠴᠡ ᠰᠢᠯᠭᠠᠷᠠᠭᠰᠠᠨ ᠲᠡᠷᠢᠭᠦᠨ ᠦ ᠬᠣᠶᠠᠷ ᠤᠩᠰᠢᠭᠴᠢ ᠤᠯᠤᠰ ᠤᠨ ᠤᠷᠤᠯᠳᠤᠭᠠᠨ ᠳᠤ ᠣᠷᠣᠯᠴᠠᠨ᠎ᠠ᠃

ᠰᠡᠳᠬᠢᠭᠳᠡᠯ ᠦᠯᠡᠳᠡᠭᠡᠬᠦ