ᠦᠨᠳᠦᠰᠦᠨ ᠦ ᠪᠢᠴᠢᠭ ᠦᠰᠦᠭ ᠦᠨ ᠪᠠᠶᠠᠷ ᠢ ᠲᠡᠮᠳᠡᠭᠯᠡᠵᠦ ᠪᠠᠶᠢᠨ᠎ᠠ | News.MN

ᠦᠨᠳᠦᠰᠦᠨ ᠦ ᠪᠢᠴᠢᠭ ᠦᠰᠦᠭ ᠦᠨ ᠪᠠᠶᠠᠷ ᠢ ᠲᠡᠮᠳᠡᠭᠯᠡᠵᠦ ᠪᠠᠶᠢᠨ᠎ᠠ

ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠵᠠᠷᠯᠢᠭ ᠤᠨ ᠳᠠᠭᠠᠤ ᠵᠢᠯ ᠪᠦᠷᠢ ᠶᠢᠨ ᠲᠠᠪᠤᠳᠤᠭᠠᠷ ᠰᠠᠷ᠎ᠠ ᠶᠢᠨ ᠡᠬᠢᠨ ᠦ ᠳᠣᠯᠣᠭ᠎ᠠ ᠬᠣᠨᠣᠭ ᠲᠤ ᠤᠯᠤᠰ ᠣᠷᠣᠨ ᠳᠠᠶᠠᠭᠠᠷ ᠲᠡᠮᠳᠡᠭᠯᠡᠳᠡᠭ︽ᠦᠨᠳᠦᠰᠦᠨ ᠦ ᠪᠢᠴᠢᠭ ᠦᠰᠦᠭ ᠦᠨ ᠪᠠᠶᠠᠷ︾ ᠤᠨ ᠨᠡᠭᠡᠭᠡᠯᠲᠡ ᠦᠨᠳᠦᠰᠦᠨ ᠦ ᠨᠣᠮ ᠤᠨ ᠰᠠᠩ ᠳᠤ ᠥᠨᠥᠳᠥᠷ ᠪᠣᠯᠤᠯ᠎ᠠ᠃

ᠥᠨᠥ ᠵᠢᠯ 21 ᠳ᠋ᠡᠬᠢ ᠤᠳᠠᠭ᠎ᠠ ᠪᠠᠨ ᠶᠣᠰᠣᠯᠠᠨ ᠲᠡᠮᠳᠡᠭᠯᠡᠵᠦ ᠪᠤᠢ ᠦᠨᠳᠦᠰᠦᠨ ᠦ ᠪᠢᠴᠢᠭ ᠦᠰᠦᠭ ᠦᠨ ᠪᠠᠶᠠᠷ ᠤᠨ ᠨᠡᠭᠡᠭᠡᠯᠲᠡ ᠶᠢᠨ ᠶᠣᠰᠣᠯᠠᠯ ᠤᠨ ᠦᠶ᠎ᠡ ᠪᠡᠷ UNESCO ᠳᠦ ᠪᠦᠷᠢᠳᠬᠡᠯ ᠲᠡᠢ︽ᠮᠣᠩᠭᠣᠯ ᠥᠪ》 ᠪᠢᠴᠢᠭ ᠰᠤᠶᠤᠯ ᠤᠨ ᠦᠵᠡᠰᠬᠦᠯᠡᠩ᠂ 《ᠦᠨᠳᠦᠰᠦᠨ ᠦ ᠪᠢᠴᠢᠭ᠂ ᠰᠤᠶᠤᠯ ᠤᠨ ᠭᠠᠶᠢᠬᠠᠮᠰᠢᠭᠲᠤ ᠳᠤᠷᠠᠰᠬᠠᠯ ᠤᠳ》ᠦᠵᠡᠰᠬᠦᠯᠡᠩ ᠢ ᠣᠯᠠᠨ ᠨᠡᠶᠢᠲᠡ ᠶᠢᠨ ᠬᠦᠷᠲᠡᠭᠡᠯ ᠪᠣᠯᠭᠠᠪᠠ᠃

ᠵᠠᠰᠠᠭ ᠤᠨ ᠭᠠᠵᠠᠷ ᠤᠨ 2023 ᠣᠨ ᠤ 394  ᠳ᠋ᠤᠭᠡᠷ ᠲᠣᠭᠲᠠᠭᠠᠯ ᠢᠶᠠᠷ ᠮᠣᠩᠭᠣᠯ ᠪᠢᠴᠢᠭ ᠦᠨ ᠠᠩᠬᠠᠨ ᠤ ᠳᠤᠷᠠᠰᠬᠠᠯ ᠪᠣᠯᠬᠤ ︽ᠴᠢᠩᠭᠢᠰ ᠦᠨ ᠴᠢᠯᠠᠭᠤᠨ ᠤ ᠪᠢᠴᠢᠭ︾ ᠦᠨ 800 ᠵᠢᠯ᠂︽ᠴᠣᠭᠲᠤ ᠬᠤᠩ ᠲᠠᠶᠢᠵᠢ ᠶᠢᠨ ᠬᠠᠳᠠᠨ ᠤ ᠪᠢᠴᠢᠭᠡᠰᠦ︾ᠪᠤᠶᠤ 《ᠳᠠᠭᠤᠲᠤ ᠶᠢᠨ ᠬᠠᠷ᠎ᠠ ᠴᠢᠯᠠᠭᠤᠨ ᠤ ᠪᠢᠴᠢᠭᠡᠰᠦ》 ᠶᠢᠨ 400 ᠵᠢᠯ ᠦᠨ ᠣᠢ ᠶᠢ ᠡᠨᠡ ᠣᠨ ᠳᠤ ᠲᠡᠮᠳᠡᠭᠯᠡᠬᠦ ᠪᠡᠷ 2024 ᠣᠨ ᠢ 《ᠦᠨᠳᠦᠰᠦᠨ ᠦ ᠪᠢᠴᠢᠭ ᠰᠤᠶᠤᠯ ᠤᠨ ᠵᠢᠯ》ᠪᠣᠯᠭᠠᠨ ᠵᠠᠷᠯᠠᠭᠠᠳ ᠪᠤᠢ ᠪᠢᠯᠡ᠃

ᠰᠡᠳᠬᠢᠭᠳᠡᠯ ᠦᠯᠡᠳᠡᠭᠡᠬᠦ