ᠭᠣᠪᠢ-ᠠᠯᠲᠠᠢ ᠠᠶᠢᠮᠠᠭ ᠤᠨ 14 ᠰᠤᠮᠤ ᠶᠢᠨ ᠲᠡᠦᠬᠡᠲᠦ 100 ᠵᠢᠯ ᠦᠨ ᠣᠢ ᠪᠣᠯᠬᠤ ᠲᠠᠢ ᠬᠣᠯᠪᠣᠭᠳᠠᠭᠤᠯᠤᠨ ᠣᠢ ᠶᠢᠨ ᠦᠢᠯᠡ ᠠᠵᠢᠯᠯᠠᠭᠠᠨ ᠤ ᠪᠠᠷᠢᠮᠲᠠ ᠶᠢ ᠴᠠᠭᠠᠰᠤᠨ ᠪᠣᠯᠤᠨ ᠲᠤᠰᠬᠠᠢ ᠲᠥᠷᠥᠯ ︵ᠭᠡᠷᠡᠯ ᠵᠢᠷᠤᠭ᠂ ᠳᠦᠷᠰᠦ ᠪᠢᠴᠢᠯᠭᠡ᠂ ᠳᠠᠭᠤᠤ ᠠᠪᠢᠶ᠎ᠠ︶ ᠦᠨ ᠪᠠᠷᠢᠮᠲᠠ ᠪᠠᠷ ᠪᠦᠷᠢᠳᠦᠭᠦᠯᠦᠨ ᠠᠷᠬᠢᠪ ᠲᠤ ᠬᠠᠳᠠᠭᠠᠯᠠᠬᠤ᠂ ᠰᠤᠮᠤ᠂ ᠣᠷᠣᠨ ᠨᠤᠲᠤᠭ ᠤᠨ ᠢᠶᠠᠨ ᠲᠡᠦᠬᠡ ᠶᠢ ᠰᠠᠶᠢᠨ ᠮᠡᠳᠡᠳᠡᠭ ᠠᠬᠠᠮᠠᠳ ᠨᠠᠰᠤᠲᠠᠨ ᠠᠴᠠ ᠠᠮᠠᠨ ᠶᠠᠷᠢᠶ᠎ᠠ ᠠᠪᠴᠤ 《ᠠᠮᠠᠨ ᠥᠪ》ᠠᠷᠬᠢᠪ ᠪᠦᠷᠢᠳᠦᠭᠦᠯᠬᠦ ᠲᠠᠯ᠎ᠠ ᠪᠠᠷ ᠠᠶᠢᠮᠠᠭ ᠤᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠱ ∙ ᠡᠷᠳᠡᠨᠢᠪᠠᠲᠤ ᠰᠤᠮᠤ᠂ ᠪᠠᠶᠢᠭᠤᠯᠤᠯᠭ᠎ᠠ ᠶᠢᠨ ᠠᠷᠬᠢᠪ ᠂ ᠠᠯᠪᠠᠨ ᠬᠡᠷᠡᠭ ᠬᠥᠲᠦᠯᠦᠯᠲᠡ ᠶᠢᠨ ᠠᠵᠢᠯᠲᠠᠳ ᠲᠤ ᠴᠢᠭᠯᠡᠯ ᠥᠭᠭᠦᠯ᠎ᠡ᠃
ᠮᠦᠨ ᠰᠤᠮᠤ᠂ ᠪᠠᠶᠢᠭᠤᠯᠤᠯᠭ᠎ᠠ ᠶᠢᠨ ᠠᠷᠬᠢᠪ᠂ ᠠᠯᠪᠠᠨ ᠬᠡᠷᠡᠭ ᠬᠥᠲᠦᠯᠦᠯᠲᠡ ᠶᠢᠨ ᠠᠵᠢᠯᠲᠠᠳ ᠲᠤ《ᠠᠷᠬᠢᠪᠴᠢᠳ ᠤᠨ ᠬᠥᠭᠵᠢᠯ᠂ ᠰᠤᠷᠭᠠᠯᠲᠠ ᠠᠷᠭ᠎ᠠ ᠵᠦᠢ ᠶᠢᠨ ᠲᠥᠪ》 ᠲᠡᠢ ᠬᠠᠮᠲᠤᠷᠠᠨ ᠴᠢᠳᠠᠪᠬᠢᠵᠢᠭᠤᠯᠬᠤ ᠰᠤᠷᠭᠠᠯᠲᠠ ᠵᠣᠬᠢᠶᠠᠨ ᠪᠠᠶᠢᠭᠤᠯᠤᠯ᠎ᠠ᠃ ᠪᠠᠶᠢᠭᠤᠯᠤᠯᠭ᠎ᠠ ᠶᠢᠨ ᠠᠷᠬᠢᠪ᠂ ᠠᠯᠪᠠᠨ ᠬᠡᠷᠡᠭ ᠬᠥᠲᠦᠯᠦᠯᠲᠡ ᠶᠢᠨ ᠦᠢᠯᠡ ᠠᠵᠢᠯᠯᠠᠭᠠᠨ ᠤ ᠨᠡᠶᠢᠲᠡᠯᠢᠭ ᠵᠢᠷᠤᠮ᠂ MNS 5140᠄2021 ᠪᠠᠷᠢᠮᠲᠠ ᠪᠢᠴᠢᠭ ᠦᠨ ᠰᠲ᠋ᠠᠨᠳᠠᠷᠲ᠂ ᠮᠣᠩᠭᠣᠯ ᠪᠢᠴᠢᠭ ᠢᠶᠡᠷ ᠦᠢᠯᠡᠳᠬᠦ᠂ ᠪᠠᠷᠢᠮᠲᠠ ᠪᠢᠴᠢᠭ ᠦᠨ ᠬᠡᠪᠯᠡᠮᠡᠯ ᠬᠠᠭᠤᠳᠠᠰᠤ᠂ ᠲᠡᠭᠦᠨ ᠦ ᠪᠦᠷᠢᠳᠦᠯ ᠳᠦ ᠲᠠᠯᠪᠢᠬᠤ ᠦᠨᠳᠦᠰᠦᠨ ᠱᠠᠭᠠᠷᠳᠠᠯᠭ᠎ᠠ MNS 6395᠄2022 ᠰᠲ᠋ᠠᠨᠳᠠᠷᠲ᠂ ᠪᠠᠷᠢᠮᠲᠠ ᠪᠢᠴᠢᠭ ᠦᠨ ᠨᠡᠷ᠎ᠡ ᠲᠥᠷᠥᠯ᠂ ᠬᠠᠳᠠᠭᠠᠯᠠᠬᠤ ᠬᠤᠭᠤᠴᠠᠭᠠᠨ ᠤ ᠦᠯᠢᠭᠡᠷᠴᠢᠯᠡᠭᠰᠡᠨ ᠵᠢᠭᠰᠠᠭᠠᠯᠲᠠ᠂ ᠲᠡᠭᠦᠨ ᠢ ᠬᠡᠷᠡᠭᠯᠡᠬᠦ ᠵᠡᠷᠭᠡ ᠰᠡᠳᠦᠪ ᠢᠶᠡᠷ ᠵᠥᠪᠯᠡᠮᠵᠢ ᠮᠡᠳᠡᠭᠡᠯᠡᠯ ᠬᠦᠷᠭᠡᠵᠦ᠂ ᠰᠤᠮᠤᠳ ᠤᠨ ᠪᠣᠯᠤᠨ ᠠᠭᠧᠨᠲᠯᠢᠭ᠂ ᠠᠯᠪᠠᠨ ᠪᠠᠶᠢᠭᠤᠯᠤᠯᠭ᠎ᠠ ᠨᠤᠭᠤᠳ ᠤᠨ 145 ᠠᠯᠪᠠᠨ ᠬᠠᠭᠠᠭᠴᠢᠳ ᠢ ᠴᠢᠳᠠᠪᠬᠢᠵᠢᠭᠤᠯᠤᠨ ᠦᠨᠡᠮᠯᠡᠬᠦ ᠣᠯᠭᠤᠯ᠎ᠠ᠃