ᠠᠮᠧᠷᠢᠺᠠ ᠶᠢᠨ ᠰᠤᠶᠤᠯ ᠮᠡᠳᠡᠭᠡᠯᠡᠯ ᠦᠨ ᠲᠥᠪ ᠢ ᠰᠦᠬᠡᠪᠠᠭᠠᠲᠤᠷ ᠲᠤ ᠪᠠᠶᠢᠭᠤᠯᠬᠤ ᠰᠠᠨᠠᠯ ᠢᠶᠠᠨ ᠢᠯᠡᠷᠬᠡᠶᠢᠯᠡᠪᠡ | News.MN

ᠠᠮᠧᠷᠢᠺᠠ ᠶᠢᠨ ᠰᠤᠶᠤᠯ ᠮᠡᠳᠡᠭᠡᠯᠡᠯ ᠦᠨ ᠲᠥᠪ ᠢ ᠰᠦᠬᠡᠪᠠᠭᠠᠲᠤᠷ ᠲᠤ ᠪᠠᠶᠢᠭᠤᠯᠬᠤ ᠰᠠᠨᠠᠯ ᠢᠶᠠᠨ ᠢᠯᠡᠷᠬᠡᠶᠢᠯᠡᠪᠡ

ᠰᠦᠬᠡᠪᠠᠭᠠᠲᠤᠷ ᠠᠶᠢᠮᠠᠭ ᠤᠨ ᠵᠠᠰᠠᠭ ᠳᠠᠷᠤᠭ᠎ᠠ ᠶᠢᠨ ᠣᠷᠣᠯᠠᠭᠴᠢ ᠭ ∙ ᠮᠦᠩᠬᠡᠵᠠᠶᠠᠭ᠎ᠠ᠂ ᠠᠮᠧᠷᠢᠺᠠ ᠶᠢᠨ ᠡᠯᠴᠢᠨ ᠰᠠᠶᠢᠳ ᠤᠨ ᠶᠠᠮᠤᠨ ᠤ ᠲᠥᠯᠥᠭᠡᠯᠡᠯ ᠢ ᠬᠦᠯᠢᠶᠡᠨ ᠠᠪᠴᠤ ᠠᠭᠤᠯᠵᠠᠭᠠᠳ᠂ ᠰᠦᠬᠡᠪᠠᠭᠠᠲᠤᠷ ᠠᠶᠢᠮᠠᠭ ᠲᠤ ᠠᠮᠧᠷᠢᠺᠠ ᠶᠢᠨ ᠨᠢᠭᠡᠳᠦᠭᠰᠡᠨ ᠤᠯᠤᠰ ᠤᠨ ᠰᠤᠶᠤᠯ ᠮᠡᠳᠡᠭᠡᠯᠡᠯ ᠦᠨ ᠲᠥᠪ ᠢ ᠪᠠᠶᠢᠭᠤᠯᠬᠤ ᠰᠠᠨᠠᠯ ᠲᠠᠢ ᠪᠠᠶᠢᠭ᠎ᠠ ᠪᠠᠨ ᠢᠯᠡᠷᠬᠡᠶᠢᠯᠡᠵᠦ᠂ ᠪᠠᠶᠢᠷᠢ ᠪᠣᠯᠤᠨ ᠮᠠᠲ᠋ᠧᠷᠢᠶᠠᠯᠯᠢᠭ ᠪᠠᠭᠠᠽ ᠢ ᠪᠡᠬᠢᠵᠢᠭᠦᠯᠬᠦ ᠳᠦ ᠪᠡᠯᠡᠨ ᠪᠠᠶᠢᠭ᠎ᠠ ᠪᠠᠨ ᠲᠥᠯᠥᠭᠡᠯᠡᠭᠴᠢᠳ ᠲᠦ ᠢᠯᠡᠷᠬᠡᠶᠢᠯᠡᠪᠡ᠃

ᠠᠮᠧᠷᠢᠺᠠ ᠶᠢᠨ ᠡᠯᠴᠢᠨ ᠰᠠᠶᠢᠳ ᠤᠨ ᠶᠠᠮᠤᠨ ᠤ ᠲᠥᠯᠥᠭᠡᠯᠡᠯ ᠦᠳ ᠰᠦᠬᠡᠪᠠᠭᠠᠲᠤᠷ ᠠᠶᠢᠮᠠᠭ ᠲᠤ ᠠᠵᠢᠯᠯᠠᠵᠤ᠂ ᠠᠮᠢᠳᠤᠷᠠᠳᠠᠭ ᠠᠮᠧᠷᠢᠺᠠ ᠢᠷᠭᠡᠳ ᠦᠨ ᠢᠶᠡᠨ ᠠᠵᠢᠯ᠂ ᠠᠮᠢᠳᠤᠷᠠᠯ ᠠᠬᠤᠢ ᠲᠠᠢ ᠲᠠᠨᠢᠯᠴᠠᠵᠤ ᠪᠠᠶᠢᠨ᠎ᠠ᠃ ᠲᠤᠰ ᠤᠯᠤᠰ ᠤᠨ ᠠᠷᠪᠠᠨ ᠨᠢᠭᠡᠨ ᠢᠷᠭᠡᠨ ᠰᠦᠬᠡᠪᠠᠭᠠᠲᠤᠷ ᠠᠶᠢᠮᠠᠭ ᠲᠤ ᠠᠵᠢᠯᠯᠠᠵᠤ᠂ ᠠᠮᠢᠳᠤᠷᠠᠳᠠᠭ᠃ ᠲᠡᠳᠡ ᠠᠶᠢᠮᠠᠭ ᠣᠷᠣᠨ ᠨᠤᠲᠤᠭ ᠤᠨ ᠬᠥᠭᠵᠢᠯ ᠴᠡᠴᠡᠭᠯᠡᠯᠲᠡ ᠳᠦ ᠬᠤᠪᠢ ᠨᠡᠮᠡᠷᠢ ᠪᠡᠨ ᠣᠷᠣᠭᠤᠯᠵᠤ᠂ ᠢᠯᠠᠩᠭᠤᠶ᠎ᠠ ᠣᠷᠣᠨ ᠨᠤᠲᠤᠭ ᠤᠨ ᠬᠡᠦᠬᠡᠳ᠂ ᠵᠠᠯᠠᠭᠤᠰ ᠲᠤ ᠠᠩᠭᠯᠢ ᠬᠡᠯᠡᠨ ᠦ ᠮᠡᠳᠡᠯᠭᠡ ᠣᠯᠭᠣᠬᠤ᠂ ᠲᠤᠬᠠᠢ ᠶᠢᠨ ᠣᠷᠣᠨ ᠤ ᠰᠤᠶᠤᠯ ᠢ ᠲᠦᠭᠡᠭᠡᠬᠦ ᠳᠦ ᠴᠢᠬᠤᠯᠠ ᠡᠭᠦᠷᠭᠡ ᠭᠦᠢᠴᠡᠳᠭᠡᠳᠡᠭ ᠭᠡᠳᠡᠭ ᠢ ᠠᠶᠢᠮᠠᠭ ᠤᠨ ᠤᠳᠤᠷᠢᠳᠤᠯᠭ᠎ᠠ ᠨᠠᠷ ᠠᠭᠤᠯᠵᠠᠯᠲᠠ ᠶᠢᠨ ᠦᠶ᠎ᠡ ᠪᠡᠷ ᠣᠨᠴᠠᠯᠠᠵᠤ ᠪᠠᠶᠢᠪᠠ᠃

ᠰᠡᠳᠬᠢᠭᠳᠡᠯ ᠦᠯᠡᠳᠡᠭᠡᠬᠦ