《ᠢᠷᠭᠤᠢ-2024》ᠬᠡᠦᠬᠡᠳ ᠦᠨ ᠤᠷᠠᠯᠢᠭ ᠤᠨ ᠨᠠᠭᠠᠳᠤᠮ ᠡᠬᠢᠯᠡᠯ᠎ᠡ | News.MN

《ᠢᠷᠭᠤᠢ-2024》ᠬᠡᠦᠬᠡᠳ ᠦᠨ ᠤᠷᠠᠯᠢᠭ ᠤᠨ ᠨᠠᠭᠠᠳᠤᠮ ᠡᠬᠢᠯᠡᠯ᠎ᠡ

ᠬᠣᠪᠳᠣ ᠠᠶᠢᠮᠠᠭ ᠤᠨ ᠵᠠᠰᠠᠭ ᠳᠠᠷᠤᠭ᠎ᠠ ᠶᠢᠨ ᠢᠪᠡᠭᠡᠯ ᠳᠣᠣᠷ᠎ᠠ ᠵᠣᠬᠢᠶᠠᠨ ᠪᠠᠶᠢᠭᠤᠯᠵᠤ ᠪᠤᠢ《ᠢᠷᠭᠤᠢ-2024》 ᠬᠡᠦᠬᠡᠳ ᠦᠨ ᠤᠷᠠᠯᠢᠭ ᠤᠨ ᠨᠠᠭᠠᠳᠤᠮ ᠪᠤᠯᠪᠠ᠃ ᠨᠠᠭᠠᠳᠤᠮ ᠳᠤ ᠬᠣᠪᠳᠣ ᠠᠶᠢᠮᠠᠭ ᠤᠨ 17 ᠰᠤᠮᠤ ᠠᠴᠠ 6-18 ᠬᠦᠷᠲᠡᠯᠡᠬᠢ ᠨᠠᠰᠤᠨ ᠤ 500 ᠣᠷᠴᠢᠮ ᠬᠡᠦᠬᠡᠳ ᠤᠷᠤᠯᠴᠠᠵᠠᠢ᠃

ᠨᠠᠭᠠᠳᠤᠮ ᠤᠨ ᠨᠡᠭᠡᠭᠡᠯᠲᠡ ᠶᠢᠨ ᠦᠶ᠎ᠡ ᠪᠡᠷ ᠣᠷᠣᠨ ᠨᠤᠲᠤᠭ ᠤᠨ ᠬᠡᠦᠬᠡᠳ ᠦᠳ ᠤᠭᠰᠠᠭᠠᠲᠠᠨ ᠤ ᠣᠨᠴᠠᠯᠢᠭ ᠢ ᠢᠯᠡᠷᠬᠡᠶᠢᠯᠡᠭᠰᠡᠨ ᠦᠵᠡᠭᠦᠯᠪᠦᠷᠢ ᠰᠣᠨᠢᠷᠬᠠᠭᠤᠯᠤᠭᠰᠠᠨ ᠪᠣᠯ ᠬᠣᠪᠳᠣ ᠠᠶᠢᠮᠠᠭ ᠲᠤ ᠠᠮᠢᠳᠤᠷᠠᠵᠤ ᠪᠤᠢ ᠭᠠᠳᠠᠭᠠᠳᠤ ᠬᠡᠦᠬᠡᠳ︵ᠠᠮᠧᠷᠢᠺᠠ᠂ ᠪᠷᠠᠽᠢᠯ᠂ ᠨᠤᠷᠸᠠᠢ ᠤᠯᠤᠰ︶ᠥᠪᠡᠷ ᠦᠨ ᠤᠯᠤᠰ ᠤᠨ ᠬᠡᠯᠡ᠂ ᠰᠤᠶᠤᠯ ᠢᠶᠠᠨ ᠰᠤᠷᠲᠠᠯᠴᠢᠯᠠᠵᠠᠢ᠃

︽ᠢᠷᠭᠤᠢ︾ ᠨᠠᠭᠠᠳᠤᠮ  ᠳᠡᠭᠡᠷ᠎ᠡ ᠮᠡᠷᠭᠡᠵᠢᠯ ᠦᠨ ᠰᠢᠭᠦᠭᠴᠢ ᠶᠢᠨ ᠦᠨᠡᠯᠡᠭᠡ ᠪᠡᠷ ᠳᠠᠭᠤᠤ᠂ ᠪᠦᠵᠢᠭ᠂ ᠬᠥᠭᠵᠢᠮ᠂ ᠢᠵᠠᠭᠤᠷ ᠤᠷᠠᠯᠢᠭ ᠭᠡᠰᠡᠨ ᠳᠥᠷᠪᠡᠨ ᠲᠥᠷᠥᠯ ᠢᠶᠡᠷ ᠰᠢᠯᠢᠳᠡᠭ ᠣᠷᠣᠯᠴᠠᠭᠴᠢ ᠶᠢ ᠲᠤᠳᠤᠷᠠᠭᠤᠯᠪᠠ᠃

ᠰᠡᠳᠬᠢᠭᠳᠡᠯ ᠦᠯᠡᠳᠡᠭᠡᠬᠦ