︽ᠣᠯᠠᠨ ᠤᠯᠤᠰ ᠤᠨ ᠭᠡᠷ ᠪᠦᠯᠢ ᠶᠢᠨ ᠡᠳᠦᠷ︾ᠲᠣᠬᠢᠶᠠᠵᠤ ᠪᠠᠶᠢᠨ᠎ᠠ᠃ ᠮᠠᠨ ᠤ ᠤᠯᠤᠰ ᠡᠨᠡ ᠡᠳᠦᠷ ᠢ 2006 ᠣᠨ ᠠᠴᠠ ᠲᠡᠮᠳᠡᠭᠯᠡᠵᠦ ᠡᠬᠢᠯᠡᠭᠰᠡᠨ᠃ ᠤᠯᠤᠰ ᠦᠨᠳᠦᠰᠦᠲᠡᠨ᠂ ᠡᠩᠬᠡ ᠲᠠᠶᠢᠪᠤᠩ ᠣᠷᠣᠰᠢᠨ ᠲᠣᠭᠲᠠᠨᠢᠬᠤ ᠬᠠᠮᠤᠭ ᠤᠨ ᠪᠠᠭ᠎ᠠ ᠨᠢᠭᠡᠴᠡ ᠨᠢ ᠭᠡᠷ ᠪᠦᠯᠢ ᠭᠡᠵᠦ ᠦᠵᠡᠳᠡᠭ᠃ ᠮᠥᠨ ᠭᠡᠷ ᠪᠦᠯᠢ ᠶᠢ ᠨᠡᠶᠢᠭᠡᠮ ᠤᠨ ᠪᠢᠴᠢᠯ ᠬᠡᠯᠪᠡᠷᠢ ᠮᠥᠨ ᠭᠡᠵᠦ ᠲᠣᠳᠣᠳᠬᠠᠭᠰᠠᠨ ᠪᠠᠶᠢᠳᠠᠭ᠃ ᠭᠡᠷ ᠪᠦᠯᠢ ᠶᠢᠨ ᠰᠠᠶᠢᠨ ᠰᠠᠶᠢᠬᠠᠨ ᠢᠷᠡᠭᠡᠳᠦᠢ ᠲᠤᠬᠠᠢ ᠶᠢᠨ ᠤᠯᠤᠰ ᠣᠷᠣᠨ ᠤ ᠬᠤᠪᠢ ᠳᠤ ᠬᠠᠮᠤᠭ ᠤᠨ ᠴᠢᠬᠤᠯᠠ ᠦᠨᠡᠲᠦ ᠵᠦᠢᠯ ᠠᠵᠡᠢ᠃
ᠮᠣᠩᠭᠣᠯ ᠤᠯᠤᠰ ᠤᠨ ᠬᠡᠮᠵᠢᠶᠡᠨ ᠳᠦ 2023 ᠣᠨ ᠤ ᠪᠠᠶᠢᠳᠠᠯ ᠢᠶᠠᠷ 983485 ᠡᠷᠦᠬᠡ ᠪᠦᠷᠢᠳᠬᠡᠯ ᠲᠡᠢ ᠪᠠᠶᠢᠨ᠎ᠠ᠃ ᠡᠨᠡ ᠲᠣᠭᠠᠨ ᠦᠵᠡᠭᠦᠯᠦᠯᠲᠡ 2022 ᠣᠨ ᠳᠤ 941547 ᠪᠠᠶᠢᠭᠰᠠᠨ ᠪᠠᠶᠢᠬᠤ ᠶᠤᠮ᠃
ᠡᠷᠡᠭᠦᠯ ᠮᠡᠨᠳᠦ᠂ ᠬᠦᠮᠦᠨ ᠦ ᠡᠷᠬᠡ᠂ ᠬᠦᠮᠦᠨ ᠠᠮᠠ ᠵᠦᠢ ᠬᠡᠮᠡᠬᠦ ᠦᠨᠳᠦᠰᠦᠨ ᠭᠤᠷᠪᠠᠨ ᠰᠢᠨᠵᠢ ᠨᠢ ᠭᠡᠷ ᠪᠦᠯᠢ ᠲᠥᠯᠥᠪᠯᠡᠯᠲᠡ ᠶᠢ ᠪᠦᠷᠢᠳᠦᠭᠦᠯᠳᠡᠭ ᠠᠵᠡᠢ᠃ ᠮᠣᠩᠭᠣᠯ ᠤᠯᠤᠰ ᠲᠤ ᠬᠠᠤᠯᠢ ᠪᠠᠷ 18 ᠨᠠᠰᠤᠨ ᠳᠤ ᠬᠦᠷᠦᠭᠰᠡᠨ ᠢᠷᠭᠡᠨ ᠭᠡᠷ ᠪᠦᠯᠢ ᠪᠡᠨ ᠪᠥᠷᠢᠳᠬᠡᠭᠦᠯᠬᠦ ᠤᠴᠢᠷᠲᠠᠢ᠃