《ᠳᠠᠭᠤᠲᠤ ᠶᠢᠨ ᠬᠠᠳᠠ-400 ᠵᠢᠯ》ᠤᠷᠠᠨ ᠪᠢᠴᠢᠯᠭᠡ ᠶᠢᠨ ᠤᠷᠤᠯᠳᠤᠭᠠᠨ ᠢ ᠲᠠᠪᠤᠳᠤᠭᠠᠷ ᠰᠠᠷ᠎ᠠ ᠶᠢᠨ ᠠᠷᠪᠠᠨ ᠲᠠᠪᠤᠨ ᠠᠴᠠ ᠵᠢᠷᠭᠤᠳᠤᠭᠠᠷ ᠰᠠᠷ᠎ᠠ ᠶᠢᠨ ᠠᠷᠪᠠᠨ ᠲᠠᠪᠤᠨ ᠤ ᠡᠳᠦᠷ ᠢ ᠬᠦᠷᠲᠡᠯ᠎ᠡ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ ᠠᠬᠠᠯᠠᠬᠤ ᠠᠩᠬᠢ ᠶᠢᠨ ᠰᠤᠷᠤᠭᠴᠢᠳ᠂ ᠶᠡᠬᠡ᠂ ᠳᠡᠭᠡᠳᠦ ᠰᠤᠷᠭᠠᠭᠤᠯᠢ ᠶᠢᠨ ᠤᠶᠤᠲᠠᠳ ᠤᠨ ᠳᠤᠮᠳᠠ ᠵᠠᠷᠯᠠᠪᠠ᠃
ᠤᠷᠤᠯᠳᠤᠭᠠᠨ ᠢ ᠮᠣᠩᠭᠣᠯ ᠪᠢᠴᠢᠭ ᠦᠨ ᠲᠡᠦᠬᠡᠨ᠂ ᠬᠣᠣᠰ ᠦᠭᠡᠢ ᠥᠪ ᠪᠣᠯᠬᠤ ᠳᠠᠭᠤᠲᠤ ᠶᠢᠨ ᠬᠠᠳᠠᠨ ᠤ ᠪᠢᠴᠢᠭᠡᠰᠦ ᠶᠢᠨ 400 ᠵᠢᠯ ᠦᠨ ᠣᠢ ᠶᠢ ᠲᠡᠮᠳᠡᠭᠯᠡᠬᠦ ᠬᠦᠷᠢᠶᠡᠨ ᠳᠦ ᠣᠶᠤᠲᠠᠨ᠂ ᠵᠠᠯᠠᠭᠤᠴᠤᠳ ᠤᠨ ᠡᠬᠡ ᠣᠷᠣᠨᠴᠢ ᠤᠬᠠᠮᠰᠠᠷ ᠢ ᠳᠡᠭᠡᠭᠰᠢᠯᠡᠭᠦᠯᠬᠦ᠂ ᠮᠣᠩᠭᠣᠯ ᠪᠢᠴᠢᠭ ᠢᠶᠡᠨ ᠡᠬᠡ ᠣᠷᠣᠨ ᠳᠤ ᠪᠠᠨ ᠪᠣᠯᠤᠨ ᠣᠯᠠᠨ ᠤᠯᠤᠰ ᠤᠨ ᠬᠡᠮᠵᠢᠶᠡᠨ ᠳᠦ ᠰᠤᠷᠲᠠᠯᠴᠢᠯᠠᠬᠤ᠂ ᠲᠦᠭᠡᠭᠡᠨ ᠳᠡᠯᠭᠡᠷᠡᠭᠦᠯᠬᠦ ᠵᠣᠷᠢᠯᠭ᠎ᠠ ᠪᠠᠷ ᠵᠣᠬᠢᠶᠠᠨ ᠪᠠᠶᠢᠭᠤᠯᠵᠤ ᠪᠠᠶᠢᠨ᠎ᠠ᠃