ᠬᠦᠨᠡᠰᠦ ᠬᠦᠳᠡᠭᠡ ᠠᠵᠤ ᠠᠬᠤᠢ ᠬᠦᠩᠭᠡᠨ ᠦᠢᠯᠡᠳᠪᠤᠷᠢ ᠶᠢᠨ ᠶᠠᠮᠤᠨ ᠤ ᠰᠠᠯᠪᠤᠷᠢ ᠶᠢᠨ ᠬᠢᠨᠠᠯᠲᠠ ᠶᠢᠨ ᠭᠠᠵᠠᠷ ᠤᠨ ᠳᠠᠷᠤᠭ᠎ᠠ ᠪ ∙ ᠰᠠᠨᠢᠴᠢᠷᠳᠤᠷᠵᠢ ᠲᠡᠷᠢᠭᠦᠲᠡᠢ ᠲᠥᠯᠥᠭᠡᠯᠡᠭᠴᠢᠳ ᠠᠮᠧᠷᠢᠺᠠ ᠠᠴᠠ ᠮᠣᠩᠭᠣᠯ ᠤᠯᠤᠰ ᠲᠤ ᠰᠠᠭᠤᠭ᠎ᠠ ᠡᠯᠴᠢᠨ ᠰᠠᠶᠢᠳ ᠤᠨ ᠶᠠᠮᠤᠨ ᠤ ᠲᠥᠯᠥᠭᠡᠯᠡᠯ ᠢ ᠬᠦᠯᠢᠶᠡᠨ ᠠᠪᠴᠤ ᠠᠭᠤᠯᠵᠠᠪᠠ᠃
ᠠᠭᠤᠯᠵᠠᠯᠲᠠ ᠶᠢᠨ ᠡᠬᠢᠨ ᠳᠦ ᠮᠣᠩᠭᠣᠯ ᠤᠯᠤᠰ ᠤᠨ ᠮᠠᠯ ᠠᠵᠤ ᠠᠬᠤᠢ ᠶᠢᠨ ᠰᠠᠯᠪᠤᠷᠢ ᠶᠢᠨ ᠣᠳᠣ ᠶᠢᠨ ᠪᠠᠶᠢᠳᠠᠯ᠂ ᠥᠩᠭᠡᠷᠡᠭᠰᠡᠨ ᠵᠤᠳ ᠤᠨ ᠭᠠᠮᠰᠢᠭ ᠪᠣᠯᠤᠨ 2024 ᠣᠨ ᠠᠴᠠ ᠬᠡᠷᠡᠭᠵᠢᠭᠦᠯᠵᠦ ᠡᠬᠢᠯᠡᠭᠰᠡᠨ 《ᠰᠢᠨ᠎ᠡ ᠬᠣᠷᠰᠢᠶ᠎ᠠ》 ᠬᠥᠳᠡᠯᠭᠡᠭᠡᠨ ᠦ ᠲᠠᠯ᠎ᠠ ᠪᠠᠷ ᠮᠡᠳᠡᠭᠡᠯᠡᠯ ᠥᠭᠴᠦ᠂ ᠬᠣᠶᠠᠷ ᠤᠯᠤᠰ ᠤᠨ ᠬᠣᠭᠣᠷᠣᠨᠳᠣ ᠬᠦᠨᠡᠰᠦ᠂ ᠬᠥᠳᠡᠭᠡ ᠠᠵᠤ ᠠᠬᠤᠢ᠂ ᠬᠥᠩᠭᠡᠨ ᠦᠢᠯᠡᠳᠪᠦᠷᠢ ᠶᠢᠨ ᠰᠠᠯᠪᠤᠷᠢ ᠶᠢᠨ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ᠂ ᠠᠮᠧᠷᠢᠺᠠ ᠶᠢᠨ ᠠᠵᠤ ᠠᠬᠤᠢ ᠶᠢᠨ ᠨᠢᠭᠡᠴᠡ ᠨᠦᠭᠦᠳ ᠢ ᠮᠠᠨ ᠤ ᠣᠷᠣᠨ ᠳᠤ 10 ᠳ᠋ᠤᠭᠠᠷ ᠰᠠᠷ᠎ᠠ ᠳᠤ ᠢᠷᠡᠭᠦᠯᠬᠦ ᠲᠠᠯ᠎ᠠ ᠪᠠᠷ ᠰᠠᠨᠠᠯ ᠰᠣᠯᠢᠯᠴᠠᠯ᠎ᠠ᠃