ᠲᠥᠷᠥ ᠨᠡᠶᠢᠭᠡᠮ ᠤᠨ ᠨᠡᠷᠡᠲᠦ ᠵᠢᠳᠬᠦᠯᠲᠡᠨ ᠰ∙ᠤᠳᠪᠠᠯᠠ ᠶᠢᠨ ᠨᠡᠷᠡᠮᠵᠢᠲᠦ ᠪᠤᠯᠠᠭᠠᠨ ᠠᠶᠢᠮᠠᠭ ᠤᠨ ᠨᠡᠶᠢᠲᠡ ᠶᠢᠨ ᠨᠣᠮ ᠤᠨ ᠰᠠᠩ ᠠᠴᠠ ᠵᠤᠨ ᠤ ᠶᠠᠪᠤᠭᠤᠯ ᠤᠨ ᠨᠣᠮ ᠤᠨ ᠰᠠᠩ ᠢ ᠨᠢᠭᠡᠳᠦᠭᠡᠷ ᠪᠠᠭ᠄ ᠪᠠᠭ ᠤᠨ ᠬᠥᠭᠵᠢᠯ ᠦᠨ ᠲᠥᠪ᠂ ᠭᠤᠷᠪᠠᠳᠤᠭᠠᠷ ᠪᠠᠭ᠄︽ᠠ︾ᠬᠡᠰᠡᠭ ᠦᠨ ᠬᠡᠦᠬᠡᠳ ᠦᠨ ᠲᠣᠭᠯᠠᠭᠠᠮ ᠤᠨ ᠲᠠᠯᠠᠪᠠᠢ᠂ᠲᠠᠪᠤᠳᠤᠭᠠᠷ ᠪᠠᠭ᠄ ᠴᠢᠨ ᠸᠠᠩ ᠬᠠᠨᠳᠤᠳᠣᠷᠵᠢ ᠶᠢᠨ ᠲᠠᠯᠠᠪᠠᠢ ᠳᠤ ᠪᠠᠢᠷᠢᠰᠢᠭᠤᠯᠬᠤ ᠪᠠᠷ ᠪᠤᠯᠵᠠᠢ᠃
ᠨᠡᠭᠦᠳᠡᠯ ᠦᠨ ᠨᠣᠮ ᠤᠨ ᠰᠠᠩ ᠵᠢᠷᠭᠤᠳᠤᠭᠠᠷ ᠰᠠᠷ᠎ᠠ ᠶᠢᠨ 17-28 ᠤ ᠡᠳᠦᠷ ᠬᠦᠷᠲᠡᠯ᠎ᠡ 9᠄00-18᠄00 ᠴᠠᠭ ᠬᠦᠷᠲᠡᠯ᠎ᠡ ᠠᠵᠢᠯᠯᠠᠵᠤ᠂ ᠢᠷᠭᠡᠳ ᠲᠦ ᠨᠣᠮ ᠤᠨ ᠦᠵᠡᠰᠬᠦᠯᠡᠩ᠂ ᠨᠣᠮ ᠤᠨ ᠰᠠᠩ ᠤᠨ ᠦᠢᠯᠡᠴᠢᠯᠡᠭᠡᠨ ᠨᠦᠭᠦᠳ ᠦᠨ ᠲᠤᠬᠠᠢ ᠮᠡᠳᠡᠭᠡᠯᠡᠯ ᠬᠦᠷᠭᠡᠬᠦ᠂ ᠯᠠᠪᠯᠠᠯᠭ᠎ᠠ᠂ ᠨᠣᠮ ᠣᠯᠭᠣᠬᠤ ᠦᠢᠯᠡᠴᠢᠯᠡᠭᠡ᠂ ᠴᠢᠩᠭ᠎ᠠ ᠤᠩᠰᠢᠯᠭ᠎ᠠ ᠬᠢᠬᠦ︵ᠬᠡᠦᠬᠡᠳ ᠦᠳ ᠦᠨ ᠳᠤᠮᠳᠠ︶᠂ ᠰᠤᠶᠤᠯ ᠣᠯᠠᠨ ᠨᠡᠶᠢᠲᠡ ᠶᠢᠨ ᠠᠵᠢᠯ ᠵᠣᠬᠢᠶᠠᠨ ᠪᠠᠶᠢᠭᠤᠯᠬᠤ ᠰᠡᠳᠬᠢᠯ ᠬᠠᠨᠤᠮᠵᠢ ᠶᠢᠨ ᠰᠤᠳᠤᠯᠭ᠎ᠠ ᠬᠢᠬᠦ ᠵᠡᠷᠭᠡ ᠦᠢᠯᠡᠴᠢᠯᠡᠭᠡ ᠶᠢ ᠬᠦᠷᠭᠡᠬᠦ ᠠᠵᠡᠢ᠃