ᠶᠡᠷᠦᠩᠬᠡᠶᠢᠯᠡᠭᠴᠢ ᠦᠽᠪᠧᠺᠰᠲ᠋ᠠᠨ ᠢ ᠵᠣᠷᠢᠯ᠎ᠠ | News.MN

ᠶᠡᠷᠦᠩᠬᠡᠶᠢᠯᠡᠭᠴᠢ ᠦᠽᠪᠧᠺᠰᠲ᠋ᠠᠨ ᠢ ᠵᠣᠷᠢᠯ᠎ᠠ

ᠮᠣᠩᠭᠣᠯ ᠤᠯᠤᠰ ᠤᠨ ᠶᠡᠷᠦᠩᠬᠡᠶᠢᠯᠡᠭᠴᠢ ᠤ᠊∙ᠬᠦᠷᠡᠯᠰᠦ᠋ᠬᠡ ᠪᠦᠭᠦᠳᠡ ᠨᠠᠶᠢᠷᠠᠮᠳᠠᠬᠤ ᠦᠽᠪᠧᠺᠰᠲ᠋ᠠᠨ ᠤᠯᠤᠰ ᠤᠨ ᠶᠡᠷᠦᠩᠬᠡᠶᠢᠯᠡᠭᠴᠢ  ᠶᠢᠨ ᠤᠷᠢᠯᠭ᠎ᠠ ᠪᠠᠷ ᠡᠨᠡ ᠰᠠᠷ᠎ᠠ ᠶᠢᠨ 23-26  ᠳᠦ ᠲᠤᠰ ᠤᠯᠤᠰ ᠲᠤ ᠲᠥᠷᠥ ᠶᠢᠨ ᠠᠶᠢᠯᠴᠢᠯᠠᠯ ᠬᠢᠬᠦ ᠪᠡᠷ ᠶᠠᠪᠤᠯ᠎ᠠ᠃ ᠡᠨᠡ ᠠᠶᠢᠯᠴᠢᠯᠠᠯ ᠨᠢ ᠬᠣᠶᠠᠷ ᠤᠯᠤᠰ ᠤᠨ ᠬᠣᠭᠣᠷᠣᠨᠳᠣ 1992 ᠣᠨ ᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠠᠴᠠ ᠬᠣᠶᠢᠰᠢ ᠳᠡᠭᠡᠳᠦ ᠲᠦᠪᠰᠢᠨ ᠳᠦ ᠪᠣᠯᠵᠤ ᠪᠤᠢ ᠠᠩᠬᠠᠨ ᠤ ᠠᠶᠢᠯᠴᠢᠯᠠᠯ ᠶᠤᠮ᠃

ᠠᠶᠢᠯᠴᠢᠯᠠᠯ ᠤᠨ ᠦᠶ᠎ᠡ ᠪᠡᠷ ᠮᠣᠩᠭᠣᠯ ᠤᠯᠤᠰ ᠤᠨ ᠶᠡᠷᠦᠩᠬᠡᠶᠢᠯᠡᠭᠴᠢ ᠤ᠊ ∙ ᠬᠦᠷᠡᠯᠰᠦ᠋ᠬᠡ ᠪᠦᠭᠦᠳᠡ ᠨᠠᠶᠢᠷᠠᠮᠳᠠᠬᠤ ᠦᠽᠪᠧᠺᠰᠲ᠋ᠠᠨ ᠤᠯᠤᠰ ᠤᠨ ᠶᠡᠷᠦᠩᠬᠡᠶᠢᠯᠡᠭᠴᠢ ᠱ ∙ ᠮᠢᠷᠽᠢᠶᠤᠧ ᠲᠡᠢ ᠠᠯᠪᠠᠨ ᠶᠣᠰᠣᠨ ᠤ ᠬᠡᠯᠡᠯᠴᠡᠭᠡ ᠬᠢᠨ᠎ᠡ᠃ ᠮᠥᠨ ᠤᠯᠢ  ᠮᠠᠵᠯᠢᠰ ︵ᠫᠠᠷᠯᠠᠮᠧᠨᠲ︶ ᠦᠨ ᠰᠧᠨᠠᠲ ᠤᠨ ᠳᠠᠷᠤᠭ᠎ᠠ ᠲᠠᠨᠽᠢᠯᠠ ᠨᠠᠷᠪᠠᠶᠧ᠂ ᠶᠡᠷᠦᠩᠬᠡᠢ ᠰᠠᠶᠢᠳ ᠠᠪᠳᠤᠯᠯᠠ ᠠᠷᠢᠫᠣᠪ ᠨᠠᠷ ᠲᠠᠢ ᠠᠭᠤᠯᠵᠠᠵᠤ᠂ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠦᠨ ᠬᠥᠭᠵᠢᠭᠦᠯᠬᠦ᠂ ᠪᠥᠰᠡ ᠨᠤᠲᠤᠭ᠂ ᠣᠯᠠᠨ ᠤᠯᠤᠰ ᠤᠨ ᠬᠠᠮᠲᠤ ᠶᠢᠨ ᠠᠵᠢᠯᠯᠠᠭᠠᠨ ᠤ ᠠᠰᠠᠭᠤᠳᠠᠯ ᠢᠶᠠᠷ ᠰᠠᠨᠠᠯ ᠰᠤᠯᠢᠯᠴᠠᠬᠤ ᠶᠤᠮ᠃

 

ᠰᠡᠳᠬᠢᠭᠳᠡᠯ ᠦᠯᠡᠳᠡᠭᠡᠬᠦ

1 ᠰᠡᠳᠬᠢᠭᠳᠡᠯ

Avatar

Нэргүй 2024-06-24 202.126.89.157

ᠮᠡᠳᠡᠭᠡ ᠪᠡᠨ ᠲᠠᠯᠪᠢᠭᠠᠴᠢ ᠡ