ᠪᠠᠰᠠᠩ ᠭᠠᠷᠠᠭ ᠲᠤ ᠠᠷᠢᠬᠢ ᠬᠤᠳᠠᠯᠳᠤᠬᠤ ᠦᠭᠡᠢ | News.MN

ᠪᠠᠰᠠᠩ ᠭᠠᠷᠠᠭ ᠲᠤ ᠠᠷᠢᠬᠢ ᠬᠤᠳᠠᠯᠳᠤᠬᠤ ᠦᠭᠡᠢ

ᠤᠯᠤᠰ ᠤᠨ ᠶᠡᠬᠡ ᠬᠤᠷᠠᠯ ᠤᠨ 2024 ᠣᠨ ᠤ ᠰᠣᠩᠭᠣᠭᠤᠯᠢ ᠶᠢᠨ ᠰᠠᠨᠠᠯ ᠬᠤᠷᠢᠶᠠᠯᠲᠠ ᠶᠢ ᠡᠨᠡ ᠰᠠᠷ᠎ᠠ ᠶᠢᠨ 28᠂ ᠪᠠᠰᠠᠩ ᠭᠠᠷᠠᠭ ᠲᠤ ᠤᠯᠤᠰ ᠳᠠᠶᠠᠭᠠᠷ ᠵᠣᠬᠢᠶᠠᠨ ᠪᠠᠶᠢᠭᠤᠯᠤᠨ᠎ᠠ᠃ ᠬᠠᠤᠯᠢ ᠳᠤ ᠵᠢᠭᠠᠭᠰᠠᠨ ᠢᠶᠠᠷ ᠪᠠᠰᠠᠩ ᠭᠠᠷᠠᠭ ᠲᠤ ᠰᠤᠭᠳᠤᠭᠤᠷᠠᠭᠤᠯᠬᠤ ᠤᠮᠳᠠᠭᠠᠨ ᠢᠶᠠᠷ ᠦᠢᠯᠡᠴᠢᠯᠡᠬᠦ᠂ ᠬᠤᠳᠠᠯᠳᠤᠬᠤ᠂ ᠰᠤᠶᠤᠯ᠂ ᠤᠷᠠᠯᠢᠭ ᠤᠨ ᠦᠵᠡᠪᠦᠷᠢ᠂ ᠰᠫᠣᠷᠲ ᠤᠨ ᠣᠯᠠᠨ ᠢ ᠬᠠᠮᠤᠷᠤᠭᠰᠠᠨ ᠠᠯᠢᠪᠠ ᠦᠢᠯᠡ ᠠᠵᠢᠯᠯᠠᠭ᠎ᠠ ᠵᠣᠬᠢᠶᠠᠨ ᠪᠠᠶᠢᠭᠤᠯᠬᠤ ᠶᠢ ᠬᠣᠷᠢᠭᠯᠠᠨ᠎ᠠ᠃

ᠡᠳᠡᠭᠡᠷ ᠬᠣᠷᠢᠭᠯᠠᠭᠰᠠᠨ ᠵᠣᠬᠢᠴᠠᠭᠤᠯᠤᠯᠲᠠ ᠳᠤ ᠠᠶᠢᠮᠠᠭ᠂ ᠨᠡᠶᠢᠰᠯᠡᠯ ᠦᠨ ᠵᠠᠰᠠᠭ ᠳᠠᠷᠤᠭ᠎ᠠ ᠬᠢᠨᠠᠯᠲᠠ ᠲᠠᠯᠪᠢᠵᠤ ᠠᠵᠢᠯᠯᠠᠬᠤ ᠶᠤᠮ᠃ ᠡᠨᠡ ᠵᠢᠯ ᠦᠨ ᠤᠯᠤᠰ ᠤᠨ ᠶᠡᠬᠡ ᠬᠤᠷᠠᠯ ᠤᠨ ᠰᠣᠩᠭᠣᠭᠤᠯᠢ ᠳᠤ ᠥᠷᠢᠰᠦᠯᠳᠦᠵᠦ ᠪᠤᠢ 1340 ᠨᠡᠷ᠎ᠡ ᠳᠡᠪᠰᠢᠭᠴᠢ ᠶᠢᠨ ᠰᠣᠩᠭᠣᠭᠤᠯᠢ ᠶᠢᠨ ᠰᠤᠷᠲᠠᠯᠴᠢᠯᠠᠭ᠎ᠠ ᠶᠢ ᠵᠢᠷᠭᠤᠳᠤᠭᠠᠷ ᠰᠠᠷ᠎ᠠ ᠶᠢᠨ ᠬᠤᠷᠢᠨ ᠵᠢᠷᠭᠤᠭᠠᠨ ᠤ 23᠄59 ᠴᠠᠭ ᠲᠤ ᠵᠣᠭᠰᠣᠭᠠᠨ᠎ᠠ᠃

ᠰᠡᠳᠬᠢᠭᠳᠡᠯ ᠦᠯᠡᠳᠡᠭᠡᠬᠦ