ᠡᠳ᠋  ᠦᠨ ᠵᠠᠰᠠᠭ ᠤᠨ ᠴᠢᠭᠤᠯᠭᠠᠨ ᠢᠶᠠᠷ ᠠᠭᠤᠷ ᠠᠮᠢᠰᠬᠤᠯ ᠤᠨ ᠬᠥᠷᠥᠩᠭᠡ ᠣᠷᠣᠭᠤᠯᠤᠯᠲᠠ ᠶᠢ ᠬᠡᠯᠡᠯᠴᠡᠨ᠎ᠡ | News.MN

ᠡᠳ᠋  ᠦᠨ ᠵᠠᠰᠠᠭ ᠤᠨ ᠴᠢᠭᠤᠯᠭᠠᠨ ᠢᠶᠠᠷ ᠠᠭᠤᠷ ᠠᠮᠢᠰᠬᠤᠯ ᠤᠨ ᠬᠥᠷᠥᠩᠭᠡ ᠣᠷᠣᠭᠤᠯᠤᠯᠲᠠ ᠶᠢ ᠬᠡᠯᠡᠯᠴᠡᠨ᠎ᠡ

《ᠮᠣᠩᠭᠣᠯ ᠤᠨ ᠡᠳ᠋  ᠦᠨ ᠵᠠᠰᠠᠭ ᠤᠨ ᠴᠢᠭᠤᠯᠭᠠᠨ》 ᠢᠷᠡᠬᠦ ᠰᠠᠷ᠎ᠠ ᠶᠢᠨ ᠨᠠᠢ᠌ᠮᠠᠨ᠂  ᠶᠢᠰᠦᠨ  ᠳᠦ 《Go Mongolia》 ᠤᠷᠢᠶᠠᠨ ᠳᠣᠣᠷ᠎ᠠ ᠲᠥᠷᠥ ᠶᠢᠨ ᠣᠷᠳᠣᠨ ᠳᠤ ᠪᠣᠯᠤᠨ᠎ᠠ᠃ ᠨᠢᠭᠡᠳᠦᠭᠰᠡᠨ ᠬᠤᠷᠠᠯᠳᠤᠭᠠᠨ 《ᠪᠦᠰᠡᠴᠢᠯᠡᠭᠰᠡᠨ ᠬᠥᠭᠵᠢᠯ》 ᠰᠡᠳᠦᠪ ᠢᠶᠡᠷ ᠡᠬᠢᠯᠡᠬᠦ ᠶᠤᠮ᠃

ᠡᠨᠡ ᠵᠢᠯ ᠦᠨ ᠴᠢᠭᠤᠯᠭᠠᠨ ᠢᠶᠠᠷ ᠨᠣᠭᠣᠭᠠᠨ ᠡᠷᠴᠢᠮ ᠬᠦᠴᠦ᠂ ᠡᠷᠴᠢᠮ ᠬᠦᠴᠦᠨ ᠦ ᠯᠢᠪᠧᠷᠠᠯᠴᠢᠯᠠᠯ᠂ ᠬᠣᠲᠠ ᠪᠠᠶᠢᠭᠤᠯᠤᠯᠲᠠ᠂ ᠠᠷᠬᠢᠲ᠋ᠧᠺᠲ᠋ᠣᠷ᠂ ᠡᠷᠴᠢᠮᠵᠢᠭᠰᠡᠨ ᠬᠥᠳᠡᠭᠡ ᠠᠵᠤ ᠠᠬᠤᠢ᠂ ᠠᠶᠠᠯᠠᠯ ᠵᠢᠭᠤᠯᠴᠢᠯᠠᠯ᠂ ᠪᠦᠰᠡᠴᠢᠯᠡᠯ ᠪᠠ ᠲᠠᠲᠠᠪᠤᠷᠢ᠂ ᠬᠥᠷᠥᠩᠭᠡ ᠣᠷᠣᠭᠤᠯᠤᠯᠲᠠ ᠶᠢᠨ ᠪᠣᠳᠣᠯᠭ᠎ᠠ᠂ ᠰᠠᠩᠬᠦᠦ᠂ ᠬᠥᠷᠥᠩᠭᠡ ᠶᠢᠨ ᠵᠠᠬ᠎ᠠ ᠵᠡᠭᠡᠯᠢ᠂ ᠴᠠᠬᠢᠮ ᠡᠳ᠋  ᠦᠨ ᠵᠠᠰᠠᠭ᠂ ᠠᠭᠤᠯᠠ ᠠᠭᠤᠷᠬᠠᠢ ᠬᠦᠨᠳᠦ ᠦᠢᠯᠡᠳᠪᠦᠷᠢᠯᠡᠯ᠂ ᠰᠢᠨᠵᠢᠯᠡᠬᠦ ᠤᠬᠠᠭᠠᠨ ᠲᠧᠭᠨᠣᠯᠣᠭᠢ᠂ ᠬᠢᠮᠡᠯ ᠣᠶᠤᠨ ᠤᠬᠠᠭᠠᠨ ᠰᠡᠳᠦᠪᠲᠦ ᠰᠠᠯᠪᠤᠷᠢ ᠬᠤᠷᠠᠯᠳᠤᠭᠠᠨ ᠨᠤᠭᠤᠳ ᠨᠢᠭᠡᠨ ᠵᠡᠷᠭᠡ ᠵᠣᠬᠢᠶᠠᠨ ᠪᠠᠶᠢᠭᠤᠯᠤᠭᠳᠠᠬᠤ ᠶᠤᠮ᠃

14 ᠳ᠋ᠡᠬᠢ ᠤᠳᠠᠭ᠎ᠠ ᠶᠢᠨ ᠮᠣᠩᠭᠣᠯ ᠤᠨ ᠡᠳ᠋  ᠦᠨ ᠵᠠᠰᠠᠭ ᠤᠨ ᠴᠢᠭᠤᠯᠭᠠᠨ ᠳᠤ ᠤᠷᠢᠳᠴᠢᠯᠠᠭᠰᠠᠨ ᠪᠠᠶᠢᠳᠠᠯ ᠢᠶᠠᠷ 2000 ᠭᠠᠷᠤᠢ ᠵᠣᠴᠢᠳ᠂ ᠲᠥᠯᠥᠭᠡᠯᠡᠭᠴᠢᠳ ᠣᠷᠣᠯᠴᠠᠬᠤ ᠪᠠᠷ ᠪᠠᠶᠢᠨ᠎ᠠ᠃

ᠰᠡᠳᠬᠢᠭᠳᠡᠯ ᠦᠯᠡᠳᠡᠭᠡᠬᠦ