ᠮᠣᠩᠭᠣᠯ ᠤᠯᠤᠰ 2024 ᠣᠨ ᠤ ᠡᠬᠢᠨ ᠦ ᠵᠢᠷᠭᠤᠭᠠᠨ ᠰᠠᠷ᠎ᠠ ᠳᠤ ᠨᠡᠶᠢᠲᠡ 148 ᠤᠯᠤᠰ ᠲᠠᠢ ᠬᠤᠳᠠᠯᠳᠤᠭ᠎ᠠ ᠬᠢᠵᠦ᠂ ᠭᠠᠳᠠᠭᠠᠳᠤ ᠬᠤᠳᠠᠯᠳᠤᠭᠠᠨ ᠤ ᠨᠡᠶᠢᠲᠡ ᠪᠠᠷᠠᠭ᠎ᠠ ᠡᠷᠭᠢᠯᠲᠡ 13.3 ᠲᠡᠷᠪᠤᠮ ᠳ᠋ᠣᠯᠯᠠᠷ ᠲᠤ ᠬᠦᠷᠦᠭᠰᠡᠨ ᠪᠠᠶᠢᠨ᠎ᠠ᠃ ᠡᠭᠦᠨ ᠡᠴᠡ ᠡᠺᠰᠫᠣᠷᠲ 7.9 ᠲᠡᠷᠪᠤᠮ ᠳ᠋ᠣᠯᠯᠠᠷ᠂ ᠢᠮᠫᠣᠷᠲ 5.4 ᠲᠡᠷᠪᠤᠮ ᠳ᠋ᠣᠯᠯᠠᠷ ᠲᠤ ᠬᠦᠷᠴᠦ᠂ ᠲᠡᠩᠴᠡᠯ 2.5 ᠲᠡᠷᠪᠤᠮ ᠳ᠋ᠣᠯᠯᠠᠷ ᠤᠨ ᠠᠰᠢᠭ ᠲᠠᠢ ᠭᠠᠷᠴᠠᠢ᠃
ᠡᠺᠰᠫᠣᠷᠲ ᠡᠮᠦᠨᠡᠬᠢ ᠣᠨ ᠤ ᠮᠥᠨ ᠦᠶ᠎ᠡ ᠡᠴᠡ 332.7 ᠰᠠᠶ᠎ᠠ ᠳ᠋ᠣᠯᠯᠠᠷ ᠢᠶᠠᠷ ᠥᠰᠬᠦ ᠳᠦ ᠨᠡᠭᠦᠷᠡᠰᠦ 331.6 ᠰᠠᠶ᠎ᠠ ᠳ᠋ᠣᠯᠯᠠᠷ᠂ ᠵᠡᠰ ᠦᠨ ᠪᠠᠶᠠᠵᠢᠮᠠᠯ 124.6 ᠰᠠᠶ᠎ᠠ ᠳ᠋ᠣᠯᠯᠠᠷ᠂ ᠲᠡᠮᠦᠷ ᠦᠨ ᠬᠥᠳᠡᠷ᠂ ᠪᠠᠶᠠᠵᠢᠮᠠᠯ 63.3 ᠰᠠᠶ᠎ᠠ ᠳ᠋ᠣᠯᠯᠠᠷ ᠢᠶᠠᠷ ᠥᠰᠦᠭᠰᠡᠨ ᠨᠢ ᠭᠣᠣᠯᠯᠠᠨ ᠨᠥᠯᠦᠭᠡᠯᠡᠵᠡᠢ᠃