ᠮᠣᠩᠭᠣᠯ ᠤᠯᠤᠰ ᠤᠨ ᠪᠣᠯᠪᠠᠰᠤᠷᠠᠯ ᠤᠨ ᠰᠠᠶᠢᠳ ᠫ ∙ ᠨᠠᠷᠠᠨᠪᠠᠶᠠᠷ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠠᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠶᠢᠳ ᠱᠧᠨ ᠮᠢᠨ ᠵᠢᠤᠸᠠᠨ ᠪᠣᠯᠤᠨ ᠪᠤᠰᠤᠳ ᠠᠯᠪᠠᠨ ᠲᠤᠰᠢᠶᠠᠯᠲᠠᠳ ᠢ ᠥᠨᠥᠳᠥᠷ ᠬᠦᠯᠢᠶᠡᠨ ᠠᠪᠴᠤ ᠠᠭᠤᠯᠵᠠᠨ ᠳᠠᠷᠠᠭᠠᠬᠢ ᠠᠰᠠᠭᠤᠳᠠᠯ ᠤᠳ ᠢ ᠬᠡᠯᠡᠯᠴᠡᠪᠡ᠃ ᠡᠭᠦᠨ ᠳᠦ᠄
-ᠮᠣᠩᠭᠣᠯ ᠤᠯᠤᠰ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 75 ᠵᠢᠯ ᠦᠨ ᠣᠢ ᠳᠤ ᠵᠣᠷᠢᠭᠤᠯᠤᠨ ᠬᠣᠶᠠᠷ ᠣᠷᠣᠨ ᠤ ᠪᠣᠯᠪᠠᠰᠤᠷᠠᠯ ᠤᠨ ᠬᠠᠮᠲᠤ ᠶᠢᠨ ᠠᠵᠢᠯᠯᠠᠭ᠎ᠠ ᠶᠢ ᠰᠢᠨ᠎ᠡ ᠱᠠᠲᠤᠨ ᠳᠤ ᠭᠠᠷᠭᠠᠬᠤ᠂ ᠵᠡᠭᠦᠨ ᠬᠤᠢᠳᠤ ᠠᠽᠢᠶ᠎ᠠ ᠶᠢᠨ ᠪᠥᠰᠡ ᠨᠤᠲᠤᠭ ᠤᠨ ᠪᠦᠲᠦᠭᠡᠯᠴᠢ ᠡᠳ᠋ ᠦᠨ ᠵᠠᠰᠠᠭ ᠲᠤ ᠬᠤᠪᠢ ᠨᠡᠮᠡᠷᠢ ᠤᠷᠤᠭᠤᠯᠬᠤ ᠦᠯᠢᠭᠡᠷ ᠵᠢᠱᠢᠶ᠎ᠡ ᠣᠯᠠᠨ ᠤᠯᠤᠰ ᠤᠨ ᠢᠨᠵᠧᠨᠧᠷ ᠦᠨ ᠰᠤᠷᠭᠠᠭᠤᠯᠢ ᠶᠢ ᠬᠠᠮᠲᠤᠷᠠᠨ ᠪᠠᠶᠢᠭᠤᠯᠬᠤ ᠵᠣᠷᠢᠯᠭ᠎ᠠ ᠪᠠᠷ ᠮᠣᠩᠭᠣᠯ ᠤᠯᠤᠰ ᠤᠨ ᠪᠤᠯᠪᠠᠰᠤᠷᠠᠯ ᠤᠨ ᠶᠠᠮᠤᠨ ᠤ ᠳᠡᠮᠵᠢᠯᠭᠡ ᠳᠣᠣᠷ᠎ᠠ ᠮᠣᠩᠭᠣᠯ ᠤᠯᠤᠰ ᠤᠨ ᠰᠢᠨᠵᠢᠯᠡᠬᠦ ᠤᠬᠠᠭᠠᠨ ᠲᠧᠭᠨᠣᠯᠣᠭᠢ ᠶᠢᠨ ᠶᠡᠬᠡ ᠰᠤᠷᠭᠠᠭᠤᠯᠢ᠂ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠥᠪᠥᠷ ᠮᠣᠩᠭᠣᠯ ᠤᠨ ᠠᠵᠤ ᠦᠢᠯᠡᠳᠪᠦᠷᠢ ᠶᠢᠨ ᠶᠡᠬᠡ ᠰᠤᠷᠭᠠᠭᠤᠯᠢ ᠡᠬᠢᠯᠡᠭᠦᠯᠬᠦ ᠪᠡᠷ ᠲᠣᠬᠢᠷᠠᠯᠴᠠᠭᠰᠠᠨ ᠲᠥᠰᠥᠯ ᠢ ᠡᠷᠴᠢᠮᠵᠢᠭᠦᠯᠬᠦ ᠲᠠᠯ᠎ᠠ ᠪᠠᠷ ᠰᠠᠨᠠᠯ ᠰᠤᠯᠢᠯᠴᠠᠪᠠ᠃
– ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠵᠠᠰᠠᠭ ᠤᠨ ᠭᠠᠵᠠᠷ ᠤᠨ ᠲᠡᠳᠬᠦᠯᠭᠡ ᠪᠡᠷ ᠵᠢᠯ ᠪᠦᠷᠢ ᠮᠣᠩᠭᠣᠯ ᠤᠯᠤᠰ ᠤᠨ 100 ᠭᠠᠷᠤᠢ ᠢᠷᠭᠡᠨ ᠰᠢᠨ᠎ᠡ ᠪᠡᠷ ᠡᠯᠰᠡᠵᠦ ᠪᠠᠶᠢᠭ᠎ᠠ ᠪᠥᠭᠡᠳ ᠡᠨᠡ ᠬᠦ ᠲᠣᠭ᠎ᠠ ᠶᠢ ᠨᠡᠮᠡᠭᠳᠡᠭᠦᠯᠬᠦ ᠬᠦᠰᠡᠯᠲᠡ ᠶᠢ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠲᠠᠯ᠎ᠠ ᠳᠤ ᠤᠯᠠᠮᠵᠢᠯᠠᠪᠠ᠃
-ᠮᠣᠩᠭᠣᠯ ᠰᠤᠳᠤᠯᠤᠯ ᠢ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠲᠤ᠂ ᠬᠢᠲᠠᠳ ᠰᠤᠳᠤᠯᠤᠯ ᠢ ᠮᠣᠩᠭᠣᠯ ᠤᠯᠤᠰ ᠲᠤ ᠬᠥᠭᠵᠢᠭᠦᠯᠬᠦ ᠲᠠᠯ᠎ᠠ ᠳᠡᠭᠡᠷ᠎ᠡ ᠳᠣᠷᠪᠢᠲᠠᠢ ᠦᠢᠯᠡ ᠠᠵᠢᠯᠯᠠᠭ᠎ᠠ ᠵᠣᠬᠢᠶᠠᠨ ᠪᠠᠶᠢᠭᠤᠯᠤᠨ ᠬᠢᠲᠠᠳ᠂ ᠮᠣᠩᠭᠣᠯ ᠰᠤᠳᠤᠯᠤᠭᠠᠴᠢ ᠪᠠᠭᠰᠢ᠂ ᠡᠷᠳᠡᠮᠲᠡᠳ ᠦᠨ ᠳᠤᠮᠳᠠ ᠵᠤᠨ ᠤ ᠬᠥᠲᠥᠯᠪᠦᠷᠢ ᠬᠡᠷᠡᠭᠵᠢᠭᠦᠯᠬᠦ ᠪᠡᠷ ᠲᠣᠬᠢᠷᠠᠯᠴᠠᠪᠠ᠃
– ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠶᠡᠷᠦᠩᠬᠡᠢ ᠪᠣᠯᠪᠠᠰᠤᠷᠠᠯ ᠤᠨ ᠪᠠᠢᠭᠠᠯᠢ ᠶᠢᠨ ᠰᠢᠨᠵᠢᠯᠡᠬᠦ ᠤᠬᠠᠭᠠᠨ ᠤ ᠴᠢᠭᠯᠡᠯ ᠦᠨ ᠨᠣᠮ ᠲᠣᠪᠬᠢᠮᠠᠯ᠂ ᠰᠤᠷᠬᠤ ᠪᠢᠴᠢᠭ ᠦᠨ ᠠᠭᠤᠯᠭ᠎ᠠ᠂ ᠬᠥᠲᠥᠯᠪᠦᠷᠢ᠂ ᠠᠷᠭ᠎ᠠ ᠵᠦᠢ ᠶᠢᠨ ᠡᠷᠳᠡᠮ ᠰᠢᠨᠵᠢᠯᠡᠭᠡᠨ ᠦ ᠰᠤᠳᠤᠯᠭ᠎ᠠ ᠬᠢᠬᠦ ᠲᠠᠯ᠎ᠠ ᠳᠡᠭᠡᠷ᠎ᠡ ᠬᠠᠮᠲᠤᠷᠠᠨ ᠠᠵᠢᠯᠯᠠᠬᠤ ᠪᠠᠷ ᠵᠥᠪᠰᠢᠯᠴᠡᠪᠡ᠃
– ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠡᠯᠰᠡᠯᠲᠡ ᠶᠢᠨ ᠶᠡᠷᠦᠩᠬᠡᠢ ᠰᠢᠯᠭᠠᠯᠲᠠ ᠶᠢᠨ ᠲᠠᠯ᠎ᠠ ᠪᠠᠷ ᠲᠤᠷᠰᠢᠯᠭ᠎ᠠ ᠰᠤᠳᠤᠯᠬᠤ ᠬᠦᠰᠡᠯᠲᠡ ᠲᠡᠢ ᠪᠤᠢ ᠶᠢ ᠤᠯᠠᠮᠵᠢᠯᠠᠪᠠ᠃