ᠰᠤᠷᠭᠠᠭᠤᠯᠢ ᠶᠢᠨ ᠡᠮᠦᠨᠡᠬᠢ ᠪᠣᠯᠤᠨ ᠪᠠᠭ᠎ᠠ ᠪᠣᠯᠪᠠᠰᠤᠷᠠᠯ ᠤᠨ ᠰᠤᠷᠭᠠᠯᠲᠠ ᠶᠢᠨ ᠬᠥᠲᠥᠯᠪᠦᠷᠢ ᠶᠢ ᠰᠢᠨᠡᠴᠢᠯᠡᠨ ᠪᠣᠯᠪᠠᠰᠤᠷᠠᠭᠤᠯᠬᠤ᠂ ᠰᠤᠷᠬᠤ ᠪᠢᠴᠢᠭ ᠦᠨ ᠡᠬᠡ ᠵᠣᠬᠢᠶᠠᠬᠤ᠂ ᠬᠢᠨᠠᠬᠤ ᠪᠠᠭ ᠢ 254 ᠭᠡᠰᠢᠭᠦᠨ ᠦ ᠪᠦᠷᠢᠯᠳᠦᠬᠦᠨ ᠲᠡᠢ ᠪᠡᠷ ᠪᠠᠲᠤᠯᠠᠪᠠ᠃ ᠪᠠᠭ ᠨᠢ ᠤᠳᠤᠷᠢᠳᠤᠯᠭ᠎ᠠ᠂ ᠵᠣᠬᠢᠶᠠᠨ ᠪᠠᠶᠢᠭᠤᠯᠤᠯᠲᠠ ᠶᠢᠨ ᠪᠠᠭ᠂ ᠰᠤᠷᠭᠠᠯᠲᠠ ᠶᠢᠨ ᠬᠥᠲᠥᠯᠪᠦᠷᠢ ᠪᠣᠯᠪᠠᠰᠤᠷᠠᠭᠤᠯᠬᠤ ᠪᠠᠭ᠂ ᠰᠤᠷᠬᠤ ᠪᠢᠴᠢᠭ ᠪᠣᠯᠪᠠᠰᠤᠷᠠᠭᠤᠯᠬᠤ ᠪᠠᠭ᠂ ᠰᠤᠷᠭᠠᠯᠲᠠ ᠶᠢᠨ ᠬᠥᠲᠥᠯᠪᠦᠷᠢ᠂ ᠰᠤᠷᠬᠤ ᠪᠢᠴᠢᠭ ᠢ ᠬᠢᠨᠠᠬᠤ ᠪᠠᠭ ᠵᠡᠷᠭᠡ ᠳᠡᠳ᠋ ᠪᠠᠭ ᠤᠳ ᠠᠴᠠ ᠪᠥᠷᠢᠳᠴᠦ ᠪᠠᠶᠢᠨ᠎ᠠ᠃ ᠪᠠᠭ ᠤᠨ ᠪᠦᠷᠢᠯᠳᠦᠬᠦᠨ ᠦ 17% ᠨᠢ ᠳ᠋ᠣᠺᠲ᠋ᠣᠷ᠂ 53% ᠨᠢ ᠮᠠᠭᠢᠰᠲ᠋ᠷ᠂ 30% ᠨᠢ ᠦᠨᠳᠦᠰᠦᠨ ᠠᠩᠭᠢ ᠶᠢᠨ ᠵᠡᠷᠭᠡ ᠲᠡᠢ ᠪᠠᠶᠢᠨ᠎ᠠ᠃
ᠴᠢᠨᠠᠭᠰᠢᠳᠠ ᠰᠠᠭᠤᠷᠢ᠂ ᠪᠦᠷᠢᠨ ᠳᠤᠮᠳᠠᠳᠤ ᠪᠣᠯᠪᠠᠰᠤᠷᠠᠯ ᠤᠨ ᠰᠤᠷᠭᠠᠯᠲᠠ ᠶᠢᠨ ᠬᠥᠲᠥᠯᠪᠦᠷᠢ᠂ ᠰᠤᠷᠬᠤ ᠪᠢᠴᠢᠭ ᠢ ᠰᠢᠨᠡᠴᠢᠯᠡᠨ ᠪᠣᠯᠪᠠᠰᠤᠷᠠᠭᠤᠯᠬᠤ ᠪᠠᠭ ᠢ ᠪᠠᠶᠢᠭᠤᠯᠵᠤ᠂ ᠰᠤᠷᠭᠠᠭᠤᠯᠢ ᠶᠢᠨ ᠡᠮᠦᠨᠡᠬᠢ ᠪᠣᠯᠤᠨ ᠶᠡᠷᠦᠩᠬᠡᠢ ᠪᠣᠯᠪᠠᠰᠤᠷᠠᠯ ᠤᠨ ᠰᠤᠷᠭᠠᠯᠲᠠ ᠶᠢᠨ ᠬᠥᠲᠥᠯᠪᠦᠷᠢ ᠶᠢ ᠵᠠᠯᠭᠠᠮᠵᠢ ᠬᠣᠯᠪᠣᠭ᠎ᠠ ᠲᠠᠢ᠂ ᠦᠶ᠎ᠡ ᠱᠠᠲᠤ ᠲᠠᠢ ᠪᠠᠷ ᠰᠢᠨᠡᠳᠭᠡᠬᠦ᠂ ᠨᠡᠪᠲᠡᠷᠡᠭᠦᠯᠬᠦ ᠠᠵᠢᠯ ᠢ ᠡᠷᠴᠢᠮᠵᠢᠭᠦᠯᠦᠨ᠎ᠡ᠃