《ᠮᠣᠩᠭᠣᠯ᠂ ᠰᠸᠢᠰ ᠦᠨ ᠬᠠᠮᠲᠤᠷᠠᠭᠰᠠᠨ ᠲᠤᠩᠬᠠᠭᠯᠠᠯ》 ᠢᠶᠠᠷ 60 ᠵᠢᠯ ᠦᠨ ᠬᠠᠮᠲᠤ ᠶᠢᠨ ᠠᠵᠢᠯᠯᠠᠭᠠᠨ ᠤ ᠣᠯᠤᠯᠲᠠ᠂ ᠠᠮᠵᠢᠯᠲᠠ ᠶᠢ ᠪᠠᠲᠤᠳᠬᠠᠵᠤ᠂ ᠴᠢᠨᠠᠭᠰᠢᠳᠠ ᠶᠢᠨ ᠴᠢᠭᠯᠡᠯ ᠢ ᠲᠣᠳᠣᠷᠬᠠᠶᠢᠯᠠᠯᠠ᠃《ᠡᠩᠬᠡ ᠲᠠᠶᠢᠪᠤᠩ ᠤᠨ ᠲᠥᠯᠦᠭᠡᠬᠢ ᠮᠣᠩᠭᠣᠯ᠂ ᠰᠸᠢᠰ》ᠬᠡᠮᠡᠬᠦ ᠲᠡᠦᠬᠡᠨ ᠣᠢ ᠶᠢᠨ ᠤᠷᠢᠶ᠎ᠠ ᠨᠢ ᠬᠣᠶᠠᠷ ᠤᠯᠤᠰ ᠤᠨ ᠭᠠᠳᠠᠭᠠᠳᠤ ᠬᠠᠷᠢᠯᠴᠠᠭᠠᠨ ᠤ ᠵᠣᠷᠢᠯᠲᠠ ᠨᠤᠭᠤᠳ ᠢ ᠲᠣᠳᠣᠷᠬᠠᠶᠢᠯᠠᠭᠰᠠᠨ᠃ ᠳᠡᠭᠡᠳᠦ᠂ ᠥᠨᠳᠥᠷ ᠲᠦᠪᠰᠢᠨ ᠦ ᠬᠠᠷᠢᠯᠴᠠᠨ ᠠᠶᠢᠯᠴᠢᠯᠠᠯ᠂ ᠵᠥᠪᠯᠡᠯᠳᠦᠬᠦ ᠠᠭᠤᠯᠵᠠᠯᠲᠠ ᠵᠣᠬᠢᠶᠠᠨ ᠪᠠᠶᠢᠭᠤᠯᠵᠤ᠂ ᠤᠯᠤᠰ ᠲᠥᠷᠥ ᠶᠢᠨ ᠬᠠᠷᠢᠯᠴᠠᠨ ᠣᠶᠢᠯᠠᠭᠠᠯᠴᠠᠯ᠂ ᠬᠠᠤᠯᠢ ᠲᠣᠭᠲᠠᠭᠠᠬᠤ ᠪᠠᠶᠢᠭᠤᠯᠤᠯᠭ᠎ᠠ ᠬᠣᠭᠣᠷᠣᠨᠳᠣ ᠶᠢᠨ ᠬᠠᠮᠲᠤ ᠶᠢᠨ ᠠᠵᠢᠯᠯᠠᠭ᠎ᠠ ᠶᠢ ᠪᠡᠬᠢᠵᠢᠭᠦᠯᠬᠦ᠂ ᠣᠯᠠᠨ ᠤᠯᠤᠰ᠂ ᠪᠥᠰᠡ ᠨᠤᠲᠤᠭ ᠤᠨ ᠲᠣᠭᠲᠠᠪᠤᠷᠢᠲᠠᠢ ᠪᠠᠶᠢᠳᠠᠯ ᠤᠨ ᠲᠥᠯᠦᠭᠡᠬᠢ ᠰᠠᠨᠠᠭᠠᠴᠢᠯᠠᠭ᠎ᠠ ᠶᠢᠨ ᠬᠦᠷᠢᠶᠡᠨ ᠳᠦ ᠬᠠᠮᠲᠤᠷᠠᠬᠤ᠂ ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ ᠲᠡᠢ ᠬᠠᠮᠲᠤᠷᠠᠨ ᠲᠡᠮᠡᠴᠡᠬᠦ᠂ ᠬᠣᠶᠠᠷ ᠤᠯᠤᠰ ᠤᠨ ᠤᠷᠲᠤ ᠬᠤᠭᠤᠴᠠᠭᠠᠨ ᠤ ᠬᠥᠭᠵᠢᠯ ᠦᠨ ᠪᠣᠳᠣᠯᠭ᠎ᠠ ᠳᠤ ᠲᠤᠰᠬᠠᠭᠳᠠᠭᠰᠠᠨ ᠵᠣᠷᠢᠯᠲᠠ ᠨᠤᠭᠤᠳ ᠤᠨ ᠬᠦᠷᠢᠶᠡᠨ ᠳᠦ ᠬᠠᠮᠲᠤ ᠶᠢᠨ ᠠᠵᠢᠯᠯᠠᠭ᠎ᠠ ᠶᠢ ᠲᠡᠯᠡᠬᠦ ᠪᠡᠷ ᠲᠣᠬᠢᠷᠠᠪᠠ᠃ ᠮᠦᠨ ᠬᠥᠳᠡᠭᠡ ᠠᠵᠤ ᠠᠬᠤᠢ᠂ ᠡᠷᠡᠭᠦᠯ ᠮᠡᠨᠳᠦ᠂ ᠣᠨᠴᠠᠭᠠᠢ ᠪᠠᠶᠢᠳᠠᠯ᠂ ᠪᠣᠯᠪᠠᠰᠤᠷᠠᠯ᠂ ᠰᠫᠣᠷᠲ᠂ ᠰᠤᠶᠤᠯ ᠤᠨ ᠰᠠᠯᠪᠤᠷᠢ ᠳ᠋ᠡᠬᠢ ᠬᠠᠮᠲᠤ ᠶᠢᠨ ᠠᠵᠢᠯᠯᠠᠭ᠎ᠠ ᠶᠢ ᠤᠯᠠᠮ ᠪᠠᠶᠠᠵᠢᠭᠤᠯᠬᠤ ᠪᠠᠷ ᠪᠣᠯᠤᠯ᠎ᠠ᠃
ᠬᠤᠶᠠᠷ ᠤᠯᠤᠰ ᠨᠢ ᠬᠦᠮᠦᠨ ᠦ ᠡᠷᠬᠡ᠂ ᠡᠷᠬᠡ ᠴᠢᠯᠦᠭᠡ᠂ ᠬᠠᠤᠯᠢ ᠳᠡᠭᠡᠳᠦᠯᠡᠬᠦ ᠵᠠᠷᠴᠢᠮ ᠵᠡᠷᠭᠡ ᠠᠷᠠᠳᠴᠢᠯᠠᠯ ᠤᠨ ᠦᠨᠡᠲᠦ ᠵᠦᠢᠯᠡᠰ ᠲᠦ ᠰᠠᠭᠤᠷᠢᠯᠠᠭᠰᠠᠨ ᠵᠠᠰᠠᠭᠯᠠᠯ ᠢ ᠪᠡᠬᠢᠵᠢᠭᠦᠯᠬᠦ᠂ ᠬᠦᠮᠦᠨ ᠦ ᠡᠷᠬᠡ ᠶᠢ ᠬᠠᠮᠠᠭᠠᠯᠠᠬᠤ ᠴᠢᠭᠯᠡᠯ ᠢᠶᠡᠷ ᠲᠤᠰᠬᠠᠶᠢᠯᠠᠭᠰᠠᠨ ᠲᠥᠰᠥᠯ᠂ ᠬᠥᠲᠥᠯᠪᠦᠷᠢ ᠬᠡᠷᠡᠭᠵᠢᠭᠦᠯᠬᠦ ᠬᠠᠮᠲᠤ ᠶᠢᠨ ᠠᠵᠢᠯᠯᠠᠭᠠᠨ ᠤ ᠬᠦᠷᠢᠶ᠎ᠡ ᠶᠢ ᠰᠠᠨᠠᠮᠵᠢ ᠪᠢᠴᠢᠭ ᠢᠶᠡᠷ ᠲᠣᠳᠣᠷᠬᠠᠶᠢᠯᠠᠭᠰᠠᠨ᠃ ᠡᠨᠡ ᠬᠦᠷᠢᠶᠡᠨ ᠳᠦ《ᠫᠠᠷᠯᠠᠮᠧᠨᠲ ᠤᠨ ᠢᠨᠰᠲ᠋ᠢᠲ᠋ᠦᠴ ᠢ ᠪᠡᠬᠢᠵᠢᠭᠦᠯᠬᠦ ᠨᠢ》᠂《ᠦᠨᠳᠦᠰᠦᠨ ᠬᠠᠤᠯᠢ ᠶᠢᠨ ᠰᠢᠭᠦᠬᠦ ᠶᠢᠨ ᠰᠢᠨᠡᠳᠬᠡᠯ ᠪᠠ ᠠᠷᠠᠳᠴᠢᠯᠠᠯ᠂ ᠬᠦᠮᠦᠨ ᠦ ᠡᠷᠬᠡ》 ᠵᠡᠷᠭᠡ ᠲᠥᠰᠥᠯ ᠬᠡᠷᠡᠭᠵᠢᠭᠦᠯᠵᠦ ᠪᠠᠶᠢᠨ᠎ᠠ᠃ ᠮᠣᠩᠭᠣᠯ ᠤᠯᠤᠰ᠂ ᠰᠸᠢᠰ ᠤᠨ ᠬᠣᠯᠪᠣᠭᠠᠨ ᠤ ᠤᠯᠤᠰ 1964 ᠣᠨ ᠤ ᠲᠠᠪᠤᠳᠤᠭᠠᠷ ᠰᠠᠷ᠎ᠠ ᠶᠢᠨ 22 ᠤ ᠡᠳᠦᠷ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠲᠡᠦᠬᠡ ᠲᠡᠢ᠃