ᠵᠡᠭᠦᠨ ᠠᠽᠢᠶ᠎ᠠ ᠶᠢᠨ ᠡᠮᠡᠭᠲᠡᠶᠢᠴᠦᠳ ᠦᠨ ᠸᠣᠯᠧᠢᠪᠣᠯ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠬᠣᠩᠺᠣᠩ ᠳᠦ ᠡᠬᠢᠯᠡᠵᠦ᠂ ᠡᠨᠡ ᠰᠠᠷ᠎ᠠ ᠶᠢᠨ 18 ᠬᠦᠷᠲᠡᠯ᠎ᠡ ᠦᠷᠭᠦᠯᠵᠢᠯᠡᠬᠦ ᠶᠤᠮ᠃ ᠲᠡᠮᠡᠴᠡᠭᠡᠨ ᠳᠦ ᠬᠢᠲᠠᠳ᠂ ᠶᠠᠫᠣᠨ᠂ ᠪᠦᠭᠦᠳᠡ ᠨᠠᠢᠷᠠᠮᠳᠠᠬᠤ ᠬᠢᠲᠠᠳ ᠠᠷᠠᠳ ᠤᠯᠤᠰ᠂ ᠲᠠᠢᠸᠠᠨ᠂ ᠪᠦᠭᠦᠳᠡ ᠨᠠᠶᠢᠷᠠᠮᠳᠠᠬᠤ ᠠᠷᠠᠳᠴᠢᠯᠠᠭᠰᠠᠨ ᠰᠣᠯᠣᠩᠭᠣᠰ ᠠᠷᠠᠳ ᠤᠯᠤᠰ᠂ ᠮᠠᠺᠠᠣ᠂ ᠬᠣᠩᠺᠣᠩ᠂ ᠮᠣᠩᠭᠣᠯ ᠵᠡᠷᠭᠡ ᠤᠯᠤᠰ ᠣᠷᠣᠨ ᠤ ᠪᠠᠭ ᠥᠷᠢᠰᠦᠯᠳᠦᠵᠦ ᠪᠠᠢᠨ᠎ᠠ᠃
ᠲᠡᠳᠡ ᠡᠬᠢᠨ ᠦ ᠲᠣᠭᠯᠠᠯᠲᠠ ᠪᠠᠨ ᠲᠠᠯᠠᠪᠠᠢ ᠶᠢᠨ ᠡᠵᠡᠨ ᠬᠣᠩᠺᠣᠩ ᠲᠠᠢ ᠬᠢᠨ᠎ᠡ᠃ ᠳᠠᠷᠠᠭ᠎ᠠ ᠨᠢ ᠪᠦᠭᠦᠳᠡ ᠨᠠᠶᠢᠷᠠᠮᠳᠠᠬᠤ ᠠᠷᠠᠳᠴᠢᠯᠠᠭᠰᠠᠨ ᠰᠣᠯᠣᠩᠭᠣᠰ ᠠᠷᠠᠳ ᠤᠯᠤᠰ ᠤᠨ ᠪᠠᠭ ᠲᠠᠢ ᠲᠣᠭᠯᠠᠬᠤ ᠶᠤᠮ᠃ ᠬᠡᠰᠡᠭ ᠦᠨ ᠰᠡᠭᠦᠯ ᠦᠨ ᠲᠣᠭᠯᠠᠯᠲᠠ ᠪᠠᠨ ᠡᠨᠡ ᠰᠠᠷ᠎ᠠ ᠶᠢᠨ 15 ᠤ ᠪᠠᠰᠠᠩ ᠭᠠᠷᠠᠭ ᠲᠤ ᠪᠦᠭᠦᠳᠡ ᠨᠠᠶᠢᠷᠠᠮᠳᠠᠬᠤ ᠰᠣᠯᠣᠩᠭᠣᠰ ᠤᠯᠤᠰ ᠲᠠᠢ ᠬᠢᠨ᠎ᠡ᠃