ᠮᠣᠩᠭᠣᠯ ᠤᠯᠤᠰ ᠤᠨ ᠶᠡᠷᠦᠩᠬᠡᠢ ᠰᠠᠶᠢᠳ ᠯ∙ᠤᠶᠤᠡᠡᠷᠳᠡᠨᠢ ᠶᠠᠫᠣᠨ ᠤᠯᠤᠰ ᠤᠨ ᠶᠡᠷᠦᠩᠬᠡᠢ ᠰᠠᠶᠢᠳ ᠹ∙ᠺᠢᠰᠢᠳᠠ ᠲᠠᠢ ᠶᠠᠫᠣᠨ ᠤ ᠲᠠᠯ᠎ᠠ ᠶᠢᠨ ᠬᠦᠰᠡᠯᠲᠡ ᠶᠢᠨ ᠳᠠᠭᠠᠤ ᠤᠲᠠᠰᠤ ᠪᠠᠷ ᠶᠠᠷᠢᠪᠠ᠃ ᠶᠠᠷᠢᠶᠠᠨ ᠤ ᠡᠬᠢᠨ ᠳᠦ ᠹ∙ᠺᠢᠰᠢᠳᠠ ᠨᠠᠢ᠌ᠮᠠᠳᠤᠭᠠᠷ ᠰᠠᠷ᠎ᠠ ᠶᠢᠨ 11-12 ᠤ ᠡᠳᠦᠷ ᠦᠳ ᠲᠦ ᠮᠣᠩᠭᠣᠯ ᠤᠯᠤᠰ ᠲᠤ ᠠᠯᠪᠠᠨ ᠶᠣᠰᠣᠨ ᠤ ᠠᠶᠢᠯᠴᠢᠯᠠᠯ ᠬᠢᠬᠦ ᠪᠡᠷ ᠲᠥᠯᠥᠪᠯᠡᠵᠦ ᠪᠠᠶᠢᠭᠰᠠᠨ ᠴᠤ ᠲᠤᠰ ᠤᠯᠤᠰ ᠤᠨ ᠮᠢᠶᠠᠽᠠᠺᠢ ᠮᠤᠵᠢ ᠳᠤ ᠡᠨᠡ ᠰᠠᠷ᠎ᠠ ᠶᠢᠨ 8 ᠤ ᠡᠳᠦᠷ ᠪᠣᠯᠤᠭᠰᠠᠨ ᠭᠠᠵᠠᠷ ᠬᠥᠳᠡᠯᠦᠯᠲᠡ ᠶᠢᠨ ᠤᠯᠠᠮ ᠠᠴᠠ ᠤᠴᠠᠷᠠᠵᠤ ᠪᠣᠯᠵᠣᠰᠢ ᠦᠭᠡᠢ ᠡᠷᠡᠰᠳᠡᠯ ᠢ ᠪᠠᠭᠤᠷᠠᠭᠤᠯᠬᠤ᠂ ᠭᠠᠮᠰᠢᠭ ᠤᠨ ᠡᠰᠡᠷᠭᠦ ᠠᠪᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠠᠵᠢᠯᠯᠠᠬᠤ ᠱᠠᠭᠠᠷᠳᠠᠯᠭ᠎ᠠ ᠶᠢᠨ ᠤᠯᠠᠮ ᠠᠴᠠ ᠠᠶᠢᠯᠴᠢᠯᠠᠯ ᠢ ᠴᠤᠴᠠᠯᠠᠭᠰᠠᠨ ᠲᠠᠯ᠎ᠠ ᠪᠠᠷ ᠲᠠᠶᠢᠯᠪᠤᠷᠢᠯᠠᠯ᠎ᠠ᠃ ᠲᠡᠷᠡᠪᠡᠷ ᠮᠣᠩᠭᠣᠯ ᠤᠯᠤᠰ ᠲᠤ ᠡᠨᠡ ᠤᠳᠠᠭ᠎ᠠ ᠠᠯᠪᠠᠨ ᠶᠣᠰᠣᠨ ᠤ ᠠᠶᠢᠯᠴᠢᠯᠠᠯ ᠬᠢᠬᠦ ᠪᠣᠯᠤᠮᠵᠢ ᠦᠭᠡᠢ ᠪᠣᠯᠤᠭᠰᠠᠨ ᠳᠤ ᠬᠠᠷᠠᠮᠰᠠᠵᠤ ᠪᠤᠢ ᠪᠠᠨ ᠢᠯᠡᠷᠬᠡᠶᠢᠯᠡᠬᠦ ᠶᠢᠨ ᠰᠠᠴᠠᠭᠤ ᠴᠢᠨᠠᠭᠰᠢᠳᠠ ᠨᠥᠬᠥᠴᠡᠯ ᠪᠠᠶᠢᠳᠠᠯ ᠢ ᠬᠠᠷᠠᠭᠠᠯᠵᠠᠨ ᠠᠶᠢᠯᠴᠢᠯᠠᠯ ᠢ ᠬᠡᠷᠡᠭᠵᠢᠭᠦᠯᠬᠦ ᠶᠢᠨ ᠲᠥᠯᠥᠭᠡ ᠪᠠᠢᠭ᠎ᠠ ᠭᠡᠪᠡ᠃
ᠯ∙ᠤᠶᠤᠡᠡᠷᠳᠡᠨᠢ ᠶᠠᠫᠣᠨ ᠤᠯᠤᠰ ᠳᠠᠬᠢ ᠭᠠᠵᠠᠷ ᠬᠥᠳᠡᠯᠦᠯᠲᠡ᠂ ᠪᠠᠢᠭᠠᠯᠢ ᠶᠢᠨ ᠭᠠᠮᠰᠢᠭ ᠠᠴᠠ ᠡᠭᠦᠳᠦᠭᠰᠡᠨ ᠳᠣᠲᠣᠭᠠᠳᠤ ᠶᠢᠨ ᠨᠥᠬᠥᠴᠡᠯ ᠪᠠᠶᠢᠳᠠᠯ ᠲᠠᠢ ᠬᠣᠯᠪᠣᠭᠠᠲᠠᠢ ᠪᠠᠷ ᠹ∙ᠺᠢᠰᠢᠳᠠ ᠶᠢᠨ ᠮᠠᠨ ᠤ ᠤᠯᠤᠰ ᠲᠤ ᠬᠢᠬᠦ ᠪᠡᠷ ᠲᠥᠯᠥᠪᠯᠡᠵᠦ ᠪᠠᠶᠢᠭᠰᠠᠨ ᠠᠯᠪᠠᠨ ᠶᠣᠰᠣᠨ ᠤ ᠠᠶᠢᠯᠴᠢᠯᠠᠯ ᠴᠤᠴᠠᠯᠠᠭᠳᠠᠬᠤ ᠪᠣᠯᠤᠭᠰᠠᠨ ᠨᠥᠬᠥᠴᠡᠯ ᠪᠠᠶᠢᠳᠠᠯ ᠢ ᠮᠠᠰᠢ ᠰᠠᠶᠢᠨ ᠣᠶᠢᠯᠠᠭᠠᠨ᠂ ᠬᠦᠯᠢᠶᠡᠨ ᠠᠪᠴᠤ ᠪᠠᠢᠨ᠎ᠠ ᠭᠡᠳ ᠡᠨᠡ ᠬᠦ ᠴᠠᠭ ᠦᠶ᠎ᠡ ᠳᠦ ᠮᠣᠩᠭᠣᠯ ᠤᠯᠤᠰ ᠤᠨ ᠵᠠᠰᠠᠭ ᠤᠨ ᠭᠠᠵᠠᠷ᠂ ᠮᠣᠩᠭᠣᠯ ᠤᠨ ᠠᠷᠠᠳ ᠢᠷᠭᠡᠳ ᠪᠢᠳᠡᠨ ᠦ ᠨᠡᠶᠢᠲᠡᠯᠢᠭ ᠦᠨᠡᠲᠦ ᠵᠦᠢᠯᠡᠰ ᠪᠦᠬᠦᠢ ᠴᠢᠬᠤᠯᠠ 《ᠭᠤᠷᠪᠠᠳᠠᠭᠴᠢ ᠬᠥᠷᠰᠢ》᠂ ᠲᠤᠰᠬᠠᠢ ᠰᠲᠷᠠᠲ᠋ᠧᠭᠢ ᠶᠢᠨ ᠲᠦᠩᠰᠢ ᠶᠠᠫᠣᠨ ᠤᠯᠤᠰ᠂ ᠶᠠᠫᠣᠨ ᠤ ᠠᠷᠠᠳ ᠢᠷᠭᠡᠳ᠂ ᠠᠨᠳᠠ ᠨᠥᠬᠦᠳ ᠲᠡᠢ ᠰᠡᠳᠬᠢᠯ ᠵᠢᠷᠦᠬᠡ ᠪᠡᠷ ᠢᠶᠡᠨ ᠬᠠᠮᠲᠤ ᠪᠠᠶᠢᠭ᠎ᠠ ᠶᠢ ᠣᠨᠴᠠᠯᠠᠪᠠ᠃