《ᠨᠡᠭᠦᠳᠡᠯᠴᠢᠨ》ᠳᠡᠯᠡᠬᠡᠢ ᠶᠢᠨ ᠰᠤᠶᠤᠯ ᠤᠨ ᠦᠵᠡᠭᠦᠯᠦᠯᠭᠡ ᠶᠢᠨ ᠬᠦᠷᠢᠶᠡᠨ ᠳᠦ ᠰᠤᠶᠤᠯ ᠰᠫᠣᠷᠲ ᠠᠶᠠᠯᠠᠯ ᠵᠢᠭᠤᠯᠴᠢᠯᠠᠯ ᠵᠠᠯᠠᠭᠤᠴᠤᠳ ᠤᠨ ᠶᠠᠮᠤᠨ᠂ ᠶᠡᠬᠡ ᠪᠷᠢᠲ᠋ᠠᠨ ᠤ ᠺᠧᠮᠪᠷᠢᠵ ᠤᠨ ᠶᠡᠬᠡ ᠰᠤᠷᠭᠠᠭᠤᠯᠢ ᠶᠢᠨ ᠮᠣᠩᠭᠣᠯ ᠪᠠ ᠳᠣᠲᠣᠭᠠᠳᠤ ᠠᠽᠢᠶ᠎ᠠ ᠰᠤᠳᠤᠯᠤᠯ ᠤᠨ ᠲᠥᠪ᠂ ᠨᠡᠭᠦᠳᠡᠯ ᠦᠨ ᠰᠤᠶᠤᠯ ᠢᠷᠭᠡᠨᠰᠢᠯ ᠢ ᠰᠤᠳᠤᠯᠬᠤ ᠣᠯᠠᠨ ᠤᠯᠤᠰ ᠤᠨ ᠬᠦᠷᠢᠶᠡᠯᠡᠩ᠂ ᠮᠣᠩᠭᠣᠯ ᠤᠯᠤᠰ ᠤᠨ ᠶᠡᠬᠡ ᠰᠤᠷᠭᠠᠭᠤᠯᠢ ᠶᠢᠨ ᠮᠣᠩᠭᠣᠯ ᠰᠤᠳᠤᠯᠤᠯ ᠤᠨ ᠬᠦᠷᠢᠶᠡᠯᠡᠩ᠂ ᠴᠢᠩᠭᠢᠰ ᠬᠠᠭᠠᠨ ᠤ ᠥᠪ ᠰᠤᠶᠤᠯ ᠤᠨ ᠬᠦᠷᠢᠶᠡᠯᠡᠩ᠂ ᠰᠢᠲ᠋ᠢ ᠶᠡᠬᠡ ᠰᠤᠷᠭᠠᠭᠤᠯᠢ᠂ ᠤᠷᠠᠨ ᠵᠢᠷᠤᠭ ᠤᠨ ᠭᠠᠯᠧᠷᠧᠢ ᠬᠠᠮᠲᠤᠷᠠᠨ 《ᠺᠧᠮᠪᠷᠢᠵ ᠮᠣᠩᠭᠣᠯ ᠹᠣᠷᠣᠮ-2》 ᠢ ᠡᠨᠡ ᠰᠠᠷ᠎ᠠ ᠶᠢᠨ 19᠂ 20 ᠤ ᠡᠳᠦᠷ ᠦᠳ ᠲᠦ ᠤᠯᠠᠭᠠᠨᠪᠠᠭᠠᠲᠤᠷ ᠬᠤᠲᠠᠨ᠎ᠠ ᠵᠣᠬᠢᠶᠠᠨ ᠪᠠᠶᠢᠭᠤᠯᠬᠤ ᠭᠡᠵᠦ ᠪᠠᠶᠢᠨ᠎ᠠ᠃
ᠬᠣᠶᠠᠷ ᠵᠢᠯ ᠳᠦ ᠨᠢᠭᠡ ᠤᠳᠠᠭ᠎ᠠ ᠪᠣᠯᠳᠠᠭ ᠹᠣᠷᠣᠮ ᠤᠨ ᠡᠨᠡ ᠤᠳᠠᠭ᠎ᠠ ᠶᠢᠨ ᠬᠢ ᠶᠢ《ᠳᠡᠯᠡᠬᠡᠢ ᠶᠢᠨ ᠠᠰᠠᠭᠤᠳᠠᠯ᠂ ᠨᠡᠭᠦᠳᠡᠯᠴᠢᠳ ᠦᠨ ᠰᠢᠢᠳᠦᠯ》ᠰᠡᠳᠦᠪ ᠦᠨ ᠳᠣᠣᠷ᠎ᠠ ᠵᠣᠬᠢᠶᠠᠨ ᠪᠠᠶᠢᠭᠤᠯᠵᠤ᠂ ᠨᠡᠭᠦᠳᠡᠯᠴᠢᠳ ᠦᠨ ᠤᠯᠠᠮᠵᠢᠯᠠᠯ ᠢ ᠣᠷᠴᠢᠨ ᠦᠶ᠎ᠡ ᠳᠦ ᠳᠡᠯᠡᠬᠡᠢ ᠨᠡᠶᠢᠲᠡ ᠶᠢᠨ ᠡᠮᠦᠨ᠎ᠡ ᠲᠤᠯᠭᠠᠷᠠᠵᠤ ᠪᠤᠢ ᠠᠰᠠᠭᠤᠳᠠᠯ ᠤᠳ ᠲᠤ ᠬᠡᠷᠬᠢᠨ ᠰᠢᠢᠳᠦᠯ ᠪᠣᠯᠭᠠᠨ ᠰᠠᠨᠠᠯ ᠪᠣᠯᠭᠠᠬᠤ ᠲᠤᠬᠠᠢ ᠠᠰᠠᠭᠤᠳᠠᠯ ᠢ ᠬᠥᠨᠳᠡᠬᠦ ᠶᠤᠮ᠃