ᠵᠡᠰ ᠬᠠᠢᠯᠤᠭᠤᠯᠬᠤ ᠦᠢᠯᠡᠳᠪᠦᠷᠢ ᠶᠢᠨ ᠪᠣᠯᠪᠠᠰᠤᠨ ᠬᠦᠴᠦᠨ ᠢ ᠪᠡᠯᠡᠳᠬᠡᠵᠦ ᠡᠬᠢᠯᠡᠯ᠎ᠡ
ᠣᠷᠣᠰ ᠤᠨ ᠬᠣᠯᠪᠣᠭᠠᠨ ᠤ ᠤᠯᠤᠰ ᠤᠨ ᠦᠷᠡᠯ ᠤᠨ ᠬᠣᠯᠪᠣᠭᠠᠨ ᠤ ᠶᠡᠬᠡ ᠰᠤᠷᠭᠠᠭᠤᠯᠢ ᠳᠤ ᠮᠧᠲ᠋ᠠᠯᠯᠦᠷᠭᠢ ᠶᠢᠨ ᠴᠢᠭᠯᠡᠯ ᠢᠶᠡᠷ ᠰᠤᠷᠤᠯᠴᠠᠬᠤ ᠪᠠᠷ ᠰᠢᠯᠭᠠᠷᠠᠭᠰᠠᠨ︽ᠡᠷᠳᠡᠨᠢᠲᠦ︾ᠦᠢᠯᠡᠳᠪᠦᠷᠢ ᠶᠢᠨ ᠳᠡᠷᠭᠡᠳᠡᠬᠢ 《ᠡᠷᠳᠡᠨᠢᠲᠦ ᠴᠣᠭᠴᠠᠯᠠᠪᠤᠷᠢ》 ᠳᠡᠭᠡᠳᠦ ᠰᠤᠷᠭᠠᠭᠤᠯᠢ ᠶᠢᠨ ᠤᠶᠤᠲᠠᠳ ᠲᠠᠢ ᠲᠤᠰ ᠦᠢᠯᠡᠳᠪᠦᠷᠢ ᠶᠢᠨ ᠶᠡᠷᠦᠩᠬᠡᠢ ᠵᠠᠬᠢᠷᠤᠯ ᠭ ∙ ᠶᠤᠨᠳᠤᠨ ᠠᠭᠤᠯᠵᠠᠯ᠎ᠠ᠃ ᠥᠩᠭᠡᠷᠡᠭᠰᠡᠨ ᠣᠨ ᠳᠤ 10 ᠣᠶᠤᠲᠠᠨ ᠭᠤᠷᠪᠠᠳᠤᠭᠠᠷ ᠳᠠᠮᠵᠢᠶᠠᠨ ᠠᠴᠠ ᠪᠠᠨ ᠡᠬᠢᠯᠡᠵᠦ᠂ ᠦᠷᠡᠯ ᠦᠨ ᠬᠣᠯᠪᠣᠭᠠᠨ ᠤ ᠶᠡᠬᠡ ᠰᠤᠷᠭᠠᠭᠤᠯᠢ ᠳᠤ ᠰᠤᠷᠤᠯᠴᠠᠵᠤ ᠡᠬᠢᠯᠡᠭᠰᠡᠨ ᠪᠣᠯ ᠡᠨᠡ ᠤᠳᠠᠭ᠎ᠠ ᠳᠠᠬᠢᠨ 10 ᠣᠶᠤᠲᠠᠨ ᠰᠤᠷᠬᠤ ᠭᠡᠨ᠎ᠡ᠃
《ᠡᠷᠳᠡᠨᠢᠲᠦ ᠴᠣᠭᠴᠠᠯᠠᠪᠤᠷᠢ》ᠳᠡᠭᠡᠳᠦ ᠰᠤᠷᠭᠠᠭᠤᠯᠢ ᠨᠢ 2+2 ᠬᠥᠲᠥᠯᠪᠦᠷᠢ ᠬᠡᠷᠡᠭᠵᠢᠭᠦᠯᠵᠦ ᠠᠭᠤᠯᠠ᠂ ᠠᠭᠤᠷᠬᠠᠢ ᠶᠢᠨ ᠴᠢᠭᠯᠡᠯ ᠢᠶᠡᠷ ᠰᠤᠷᠬᠤ ᠬᠦᠰᠡᠯ ᠲᠡᠢ ᠤᠶᠤᠲᠠᠳ ᠲᠤ ᠡᠬᠢᠨ ᠦ ᠬᠣᠶᠠᠷ ᠵᠢᠯ ᠡᠷᠳᠡᠨᠢᠲᠦ ᠬᠤᠲᠠ ᠳᠤ᠂ ᠰᠡᠭᠦᠯ ᠦᠨ ᠬᠣᠶᠠᠷ ᠵᠢᠯ ᠢ ᠣᠷᠣᠰ ᠲᠤ ᠰᠤᠷᠬᠤ ᠪᠣᠯᠤᠮᠵᠢ ᠶᠢ ᠣᠯᠭᠤᠵᠤ᠂ ᠵᠡᠰ ᠬᠠᠢᠯᠤᠭᠤᠯᠬᠤ᠂ ᠪᠣᠯᠪᠠᠰᠤᠷᠠᠭᠤᠯᠬᠤ ᠦᠢᠯᠡᠳᠪᠦᠷᠢ ᠶᠢ ᠪᠠᠷᠢᠵᠤ ᠠᠰᠢᠭᠯᠠᠯᠲᠠ ᠳᠤ ᠤᠷᠤᠭᠤᠯᠬᠤ ᠪᠦᠲᠦᠭᠡᠨ ᠪᠠᠶᠢᠭᠤᠯᠤᠯᠲᠠ ᠶᠢᠨ ᠠᠵᠢᠯ ᠢ ᠬᠢᠬᠦ ᠳᠦ ᠱᠠᠭᠠᠷᠳᠠᠯᠭ᠎ᠠ ᠲᠠᠢ ᠪᠣᠯᠪᠠᠰᠤᠨ ᠬᠦᠴᠦᠨ ᠢᠶᠡᠨ ᠡᠢᠨ ᠪᠡᠯᠡᠳᠴᠦ ᠪᠠᠶᠢᠭ᠎ᠠ ᠶᠤᠮ᠃