ᠠᠨᠠᠭᠠᠬᠤ ᠤᠬᠠᠭᠠᠨ ᠤ ᠦᠨᠳᠦᠰᠦᠨ ᠦ ᠶᠡᠬᠡ ᠰᠤᠷᠭᠠᠭᠤᠯᠢ ᠶᠢᠨ ᠮᠣᠩᠭᠣᠯ ᠠᠨᠠᠭᠠᠬᠤ ᠤᠬᠠᠭᠠᠨ ᠤ ᠣᠯᠠᠨ ᠤᠯᠤᠰ ᠤᠨ ᠰᠤᠷᠭᠠᠭᠤᠯᠢ ᠶᠢᠨ ᠤᠯᠠᠮᠵᠢᠯᠠᠯᠲᠤ ᠪᠠᠷᠢᠶ᠎ᠠ ᠵᠠᠰᠠᠯ ᠤᠨ ᠲᠡᠩᠬᠢᠮ ᠦᠨ ᠪᠠᠭᠰᠢ ᠮᠠᠰᠠᠲ᠋ᠣᠰᠢ ᠨᠢᠰᠢᠺᠢᠳᠤ᠋ ᠪᠣᠯᠤᠨ ᠲᠤᠰ ᠰᠤᠷᠭᠠᠭᠤᠯᠢ ᠶᠢᠨ ᠬᠥᠳᠡᠯᠭᠡᠭᠡᠨ ᠵᠠᠰᠠᠯᠴᠢ ᠪᠠᠭᠰᠢ ᠨᠠᠷ ᠮᠣᠩᠭᠣᠯ ᠤᠯᠤᠰ ᠤᠨ ᠵᠢᠦ᠋ᠳᠣ᠋ ᠪᠥᠬᠡ ᠶᠢᠨ ᠦᠨᠳᠦᠰᠦᠨ ᠦ ᠰᠢᠭᠰᠢᠭᠡ ᠪᠠᠭ ᠤᠨ ᠲᠠᠮᠢᠷᠴᠢᠳ ᠤᠨ ᠬᠥᠳᠡᠯᠭᠡᠭᠡᠨ ᠵᠠᠰᠠᠯᠴᠢ ᠪᠠᠷ ᠠᠵᠢᠯᠯᠠᠳᠠᠭ ᠪᠠᠶᠢᠨ᠎ᠠ᠃
ᠫᠠᠷᠢᠰ ᠤᠨ ᠤᠯᠢᠮᠫᠢᠺ ᠤᠨ ᠮᠥᠩᠭᠥᠨ ᠮᠧᠳᠠᠯᠳᠤ ᠲᠠᠮᠢᠷᠴᠢᠨ ᠪ∙ᠪᠠᠰᠠᠩᠬᠦᠦ ᠶᠢᠨ ᠲᠧᠷᠠᠫᠢᠰᠲ ᠪᠤᠶᠤ ᠬᠥᠳᠡᠯᠭᠡᠭᠡᠨ ᠵᠠᠰᠠᠯᠴᠢ ᠪᠠᠷ ᠶᠠᠫᠣᠨ ᠤᠯᠤᠰ ᠤᠨ ᠢᠷᠭᠡᠨ ᠮᠠᠰᠠᠲ᠋ᠣᠰᠢ ᠨᠢᠰᠢᠺᠢᠳᠤ᠋ ᠠᠵᠢᠯᠯᠠᠵᠠᠢ᠃ ᠲᠡᠷᠡ 2016 ᠣᠨ ᠠᠴᠠ ᠬᠣᠶᠢᠰᠢ ᠲᠤᠰ ᠰᠤᠷᠭᠠᠭᠤᠯᠢ ᠳᠤ ᠪᠠᠭᠰᠢᠯᠠᠵᠤ ᠪᠤᠢ ᠪᠥᠭᠡᠳ ᠡᠳᠦᠭᠡ 80 ᠭᠠᠷᠤᠢ ᠱᠠᠪᠢ ᠲᠠᠢ ᠪᠣᠯᠵᠠᠢ᠃