ᠪᠠᠶᠠᠨᠬᠣᠩᠭᠣᠷ ᠤᠨ ᠲᠠᠷᠢᠶᠠᠯᠠᠩᠴᠢᠳ ᠬᠢᠲᠠᠳ ᠲᠤ ᠰᠤᠷᠤᠯᠴᠠᠵᠤ ᠪᠠᠶᠢᠨ᠎ᠠ | News.MN

ᠪᠠᠶᠠᠨᠬᠣᠩᠭᠣᠷ ᠤᠨ ᠲᠠᠷᠢᠶᠠᠯᠠᠩᠴᠢᠳ ᠬᠢᠲᠠᠳ ᠲᠤ ᠰᠤᠷᠤᠯᠴᠠᠵᠤ ᠪᠠᠶᠢᠨ᠎ᠠ

ᠪᠠᠶᠠᠨᠬᠣᠩᠭᠣᠷ ᠠᠶᠢᠮᠠᠭ ᠤᠨ ᠬᠥᠳᠡᠭᠡ ᠠᠵᠤ ᠠᠬᠤᠢ ᠶᠢᠨ ᠳᠣᠯᠣᠭᠠᠨ ᠲᠧᠭᠨᠢᠭᠴᠢ ᠭᠠᠨᠰᠤ ᠮᠤᠵᠢ ᠶᠢᠨ ᠵᠢᠤᠴᠢᠤᠸᠠᠨ ᠬᠤᠲᠠ ᠳᠤ ᠲᠤᠰᠬᠠᠢ ᠰᠤᠷᠭᠠᠯᠲᠠ ᠶᠢᠨ ᠺᠦᠷᠰ ᠲᠦ ᠬᠠᠮᠤᠷᠤᠭᠳᠠᠵᠤ ᠪᠠᠶᠢᠨ᠎ᠠ᠃ ᠨᠠᠢ᠌ᠮᠠ ᠬᠣᠨᠣᠭ ᠦᠷᠭᠦᠯᠵᠢᠯᠡᠬᠦ ᠡᠨᠡ ᠰᠤᠷᠭᠠᠯᠲᠠ ᠳᠤ ᠪᠠᠶᠠᠨᠬᠣᠩᠭᠣᠷ ᠰᠤᠮᠤ ᠶᠢᠨ ᠬᠢᠨ ᠬᠠᠮᠤᠷᠤᠭᠳᠠᠵᠤ ᠪᠠᠶᠢᠭ᠎ᠠ ᠪᠥᠭᠡᠳ ᠲᠤᠰ ᠠᠶᠢᠮᠠᠭ ᠵᠢᠤᠴᠢᠤᠸᠠᠨ ᠬᠣᠲᠠ ᠲᠠᠢ ᠥᠩᠭᠡᠷᠡᠭᠰᠡᠨ ᠣᠨ ᠳᠤ ᠠᠬ᠎ᠠ᠂ ᠳᠡᠭᠦᠦ ᠶᠢᠨ ᠬᠠᠷᠢᠯᠴᠠᠭ᠎ᠠ ᠲᠠᠢ ᠪᠣᠯᠵᠠᠢ᠃ ᠲᠡᠶᠢᠮᠦ ᠡᠴᠡ ᠬᠢᠲᠠᠳ ᠤᠳ ᠲᠤᠰ ᠠᠶᠢᠮᠠᠭ  ᠲᠤ ᠬᠣᠶᠠᠷ ᠬᠦᠯᠡᠮᠵᠢ ᠪᠠᠶᠢᠭᠤᠯᠵᠤ ᠦᠭᠴᠡᠢ᠃

ᠤᠯᠠᠮ ᠢᠶᠠᠷ ᠵᠢᠤᠴᠢᠤᠸᠠᠨ ᠤ ᠬᠥᠳᠡᠭᠡ ᠠᠵᠤ ᠠᠬᠤᠢ ᠶᠢᠨ ᠲᠧᠭᠨᠣᠯᠣᠭᠢ ᠶᠢᠨ ᠦᠢᠯᠡᠴᠢᠯᠡᠭᠡᠨ ᠦ ᠲᠥᠪ ᠦᠨ ᠬᠢᠨ ᠪᠠᠶᠠᠨᠬᠣᠩᠭᠣᠷ ᠲᠤ ᠤᠳᠠᠭ᠎ᠠ ᠳᠠᠷᠠᠭ᠎ᠠ ᠣᠴᠢᠵᠤ ᠣᠷᠣᠨ ᠨᠤᠲᠤᠭ ᠤᠨ ᠬᠥᠳᠡᠭᠡ ᠠᠵᠤ ᠠᠬᠤᠢ ᠶᠢᠨ ᠲᠧᠭᠨᠢᠭᠴᠢᠳ ᠲᠦ ᠲᠤᠰᠠᠯᠠᠵᠤ᠂ ᠰᠤᠷᠭᠠᠯᠲᠠ ᠳᠤ ᠬᠠᠮᠤᠷᠤᠭᠤᠯᠤᠭᠰᠠᠨ ᠪᠠᠶᠢᠨ᠎ᠠ᠃ ᠥᠨᠥᠳᠥᠷ ᠦᠨ ᠰᠤᠷᠭᠠᠯᠲᠠ ᠨᠢ ᠬᠢᠲᠠᠳ ᠲᠤ ᠪᠣᠯᠵᠤ ᠪᠤᠢ ᠬᠤᠶᠠᠳᠠᠬᠢ ᠰᠤᠷᠭᠠᠯᠲᠠ ᠶᠤᠮ᠃ ᠡᠨᠡ ᠤᠳᠠᠭ᠎ᠠ ᠭᠣᠪᠢ ᠳᠤ ᠲᠣᠬᠢᠷᠠᠭᠰᠠᠨ ᠬᠦᠯᠡᠮᠵᠢ ᠶᠢᠨ  ᠲᠧᠭᠨᠣᠯᠣᠭᠢ ᠶᠢᠨ ᠲᠠᠯ᠎ᠠ ᠪᠠᠷ ᠰᠤᠷᠭᠠᠵᠤ ᠪᠠᠶᠢᠭ᠎ᠠ ᠶᠤᠮ᠃

ᠰᠡᠳᠬᠢᠭᠳᠡᠯ ᠦᠯᠡᠳᠡᠭᠡᠬᠦ