ᠮᠣᠩᠭᠣᠯ᠂ ᠬᠢᠲᠠᠳ ᠤᠨ ᠰᠤᠳᠤᠯᠤᠭᠠᠴᠢᠳ ᠴᠠᠢ ᠶᠢᠨ ᠵᠠᠮ ᠢ ᠰᠤᠳᠤᠯᠤᠨ᠎ᠠ | News.MN

ᠮᠣᠩᠭᠣᠯ᠂ ᠬᠢᠲᠠᠳ ᠤᠨ ᠰᠤᠳᠤᠯᠤᠭᠠᠴᠢᠳ ᠴᠠᠢ ᠶᠢᠨ ᠵᠠᠮ ᠢ ᠰᠤᠳᠤᠯᠤᠨ᠎ᠠ

ᠮᠣᠩᠭᠣᠯ᠂ ᠬᠢᠲᠠᠳ᠂ ᠣᠷᠣᠰ ᠤᠨ ᠨᠤᠲᠤᠭ ᠢᠶᠠᠷ ᠳᠠᠭᠠᠷᠢᠨ ᠥᠩᠭᠡᠷᠡᠳᠡᠭ ᠡᠷᠲᠡᠨ ᠦ ᠴᠠᠢ ᠶᠢᠨ ᠵᠠᠮ ᠢUNESCO ᠶᠢᠨ ᠳᠡᠯᠡᠬᠡᠢ ᠶᠢᠨ ᠰᠤᠶᠤᠯ ᠤᠨ ᠥᠪ ᠲᠦ ᠪᠥᠷᠢᠳᠬᠡᠭᠦᠯᠬᠦ ᠪᠡᠷ ᠨᠡᠷ᠎ᠡ ᠳᠡᠪᠰᠢᠭᠦᠯᠬᠦ ᠠᠭᠤᠯᠵᠠᠯᠲᠠ ᠤᠯᠠᠭᠠᠨᠪᠠᠭᠠᠲᠤᠷ ᠬᠤᠲᠠ ᠳᠤ ᠪᠣᠯᠤᠭᠰᠠᠨ ᠪᠢᠯᠡ᠃ ᠲᠡᠭᠡᠪᠡᠯ  ᠴᠠᠢ ᠶᠢᠨ ᠵᠠᠮ ᠢ ᠰᠤᠳᠤᠯᠬᠤ᠂ ᠳᠡᠯᠡᠬᠡᠢ ᠶᠢᠨ ᠥᠪ ᠲᠦ ᠪᠥᠷᠢᠳᠬᠡᠭᠦᠯᠬᠦ ᠳᠦ ᠱᠠᠭᠠᠷᠳᠠᠯᠭ᠎ᠠ ᠲᠠᠢ ᠪᠠᠷᠢᠮᠲᠠ ᠪᠢᠴᠢᠭ ᠢ ᠪᠦᠷᠢᠳᠦᠭᠦᠯᠬᠦ᠂ ᠮᠣᠩᠭᠣᠯ ᠤᠯᠤᠰ ᠠᠴᠠ ᠨᠡᠷ᠎ᠡ ᠳᠡᠪᠰᠢᠭᠦᠯᠬᠦ ᠪᠣᠯᠤᠮᠵᠢ ᠶᠢ ᠰᠤᠳᠤᠯᠬᠤ᠂ ᠠᠵᠢᠯ ᠤᠨ ᠬᠡᠰᠡᠭ ᠦᠨ ᠲᠥᠯᠥᠪᠯᠡᠭᠡ ᠪᠣᠯᠪᠠᠰᠤᠷᠠᠭᠤᠯᠬᠤ ᠵᠣᠷᠢᠯᠭ᠎ᠠ ᠲᠠᠢ ᠭᠤᠷᠪᠠᠨ ᠤᠯᠤᠰ ᠤᠨ ᠰᠤᠳᠤᠯᠭᠠᠨ ᠤ ᠪᠠᠭ ᠵᠠᠮ ᠳᠤ ᠪᠠᠨ ᠭᠠᠷᠤᠯ᠎ᠠ᠃

ᠲᠡᠳᠡ ᠰᠡᠯᠡᠩᠭᠡ ᠠᠶᠢᠮᠠᠭ ᠤᠨ ᠰᠦᠬᠡᠪᠠᠭᠠᠲᠤᠷ ᠪᠣᠯᠤᠨ ᠠᠯᠲᠠᠨᠪᠤᠯᠠᠭ ᠲᠤ ᠠᠵᠢᠯᠯᠠᠨ 《ᠮᠠᠶᠢᠮᠠᠶᠢᠴᠢᠨ》ᠬᠣᠲᠠ ᠶᠢᠨ ᠪᠠᠭᠤᠷᠢ ᠶᠢ ᠰᠤᠳᠤᠯᠬᠤ  ᠶᠤᠮ᠃ ᠴᠠᠢ ᠶᠢᠨ ᠵᠠᠮ ᠳᠠᠭᠠᠤ ᠰᠤᠶᠤᠯ ᠤᠨ ᠥᠪ ᠦᠨ ᠭᠠᠵᠠᠷ ᠤᠳ ᠢ ᠳᠡᠯᠡᠬᠡᠢ ᠶᠢᠨ ᠥᠪ ᠲᠦ ᠨᠡᠷ᠎ᠡ ᠳᠡᠪᠰᠢᠭᠦᠯᠬᠦ ᠰᠠᠨᠠᠭᠠᠴᠢᠯᠠᠭ᠎ᠠ ᠠᠩᠬ᠎ᠠ 2017 ᠣᠨ ᠳᠤ ᠭᠠᠷᠴᠤ ᠪᠠᠢᠪᠠ᠃

 

ᠰᠡᠳᠬᠢᠭᠳᠡᠯ ᠦᠯᠡᠳᠡᠭᠡᠬᠦ