ᠮᠣᠩᠭᠣᠯ ᠤᠯᠤᠰ ᠨᠢ ᠤᠯᠠᠨ ᠤᠯᠤᠰ ᠤᠨ ᠬᠠᠷᠢᠯᠴᠠᠨ ᠣᠶᠢᠯᠠᠭᠠᠯᠴᠠᠯ ᠤᠨ ᠭᠦᠭᠦᠷᠭᠡ ᠪᠣᠯᠵᠤ ᠪᠠᠶᠢᠨ᠎ᠠ | News.MN

ᠮᠣᠩᠭᠣᠯ ᠤᠯᠤᠰ ᠨᠢ ᠤᠯᠠᠨ ᠤᠯᠤᠰ ᠤᠨ ᠬᠠᠷᠢᠯᠴᠠᠨ ᠣᠶᠢᠯᠠᠭᠠᠯᠴᠠᠯ ᠤᠨ ᠭᠦᠭᠦᠷᠭᠡ ᠪᠣᠯᠵᠤ ᠪᠠᠶᠢᠨ᠎ᠠ

ᠮᠣᠩᠭᠣᠯ ᠤᠯᠤᠰ ᠤᠨ ᠶᠡᠷᠦᠩᠬᠡᠶᠢᠯᠡᠭᠴᠢ ᠤ᠊∙ᠬᠦᠷᠡᠯᠰᠦ᠋ᠬᠡ ᠨᠢᠦ᠋ ᠶᠤᠷᠺ ᠲᠤ ᠪᠣᠯᠵᠤ ᠪᠤᠢ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠶᠡᠷᠦᠩᠬᠡᠢ ᠠᠰᠰᠠᠮᠪᠯᠧᠢ ᠶᠢᠨ 79 ᠳ᠋ᠦ᠋ᠭᠡᠷ ᠴᠢᠭᠤᠯᠭᠠᠨ ᠤ ᠶᠡᠷᠦᠩᠬᠡᠢ ᠰᠠᠨᠠᠯ ᠰᠢᠭᠦᠮᠵᠢᠯᠡᠯ ᠳᠦ ᠤᠷᠤᠯᠴᠠᠬᠤ ᠦᠶ᠎ᠡ ᠪᠡᠷ ᠢᠶᠡᠨ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ  ᠠᠨᠲ᠋ᠤᠨᠢᠤ᠋  ᠭᠤᠲ᠋ᠧᠷᠷᠧᠱ ᠲᠡᠢ  ᠶᠢᠰᠦᠳᠦᠭᠡᠷ ᠰᠠᠷ᠎ᠠ ᠶᠢᠨ 25  ᠳᠦ ᠠᠭᠤᠯᠵᠠᠯ᠎ᠠ᠃

ᠮᠣᠩᠭᠣᠯ ᠤᠯᠤᠰ ᠤᠨ ᠶᠡᠷᠦᠩᠬᠡᠶᠢᠯᠡᠭᠴᠢ ᠣᠯᠠᠨ ᠤᠯᠤᠰ ᠤᠨ ᠬᠠᠮᠲᠤ ᠶᠢᠨ ᠨᠡᠶᠢᠭᠡᠮᠯᠢᠭ ᠦᠨ ᠡᠮᠦᠨ᠎ᠡ ᠲᠤᠯᠭᠠᠷᠠᠵᠤ ᠪᠤᠢ ᠠᠰᠠᠭᠤᠳᠠᠯ ᠤᠳ ᠢ ᠰᠢᠢᠳᠪᠦᠷᠢᠯᠡᠬᠦ᠂ ᠲᠣᠭᠲᠠᠪᠤᠷᠢᠲᠠᠢ ᠬᠥᠭᠵᠢᠯ ᠦᠨ ᠵᠣᠷᠢᠯᠭ᠎ᠠ ᠨᠤᠭᠤᠳ ᠤᠨ ᠬᠡᠷᠡᠭᠵᠢᠯᠲᠡ ᠶᠢ ᠬᠠᠩᠭᠠᠬᠤ᠂ ᠠᠭᠤᠷ ᠠᠮᠢᠰᠬᠤᠯ ᠤᠨ ᠥᠭᠡᠷᠡᠴᠢᠯᠡᠯᠲᠡ ᠲᠡᠢ ᠲᠡᠮᠡᠴᠡᠬᠦ᠂ ᠡᠩᠬᠡ ᠶᠢ ᠰᠠᠬᠢᠭᠤᠯᠬᠤ ᠠᠵᠢᠯᠯᠠᠭ᠎ᠠ᠂ ᠬᠦᠢᠰᠦ ᠶᠢᠨ ᠲᠡᠭᠰᠢ ᠪᠠᠶᠢᠳᠠᠯ ᠢ ᠬᠠᠩᠭᠠᠬᠤ ᠴᠢᠭᠯᠡᠯ ᠢᠶᠡᠷ ᠮᠣᠩᠭᠣᠯ ᠤᠯᠤᠰ ᠤᠨ ᠳᠡᠪᠰᠢᠭᠦᠯᠦᠭᠰᠡᠨ ᠰᠠᠨᠠᠯ᠂ ᠰᠠᠨᠠᠭᠠᠴᠢᠯᠠᠭ᠎ᠠ ᠨᠤᠭᠤᠳ ᠢ ᠬᠥᠨᠳᠡᠵᠦ᠂ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠮᠣᠩᠭᠣᠯ ᠤᠯᠤᠰ ᠢ ᠲᠤᠤᠱᠲᠠᠢ ᠳᠡᠮᠵᠢᠨ ᠠᠵᠢᠯᠯᠠᠳᠠᠭ ᠲᠤ ᠲᠠᠯᠠᠷᠬᠠᠯ ᠢᠶᠠᠨ ᠢᠯᠡᠷᠬᠡᠶᠢᠯᠡᠪᠡ᠃

ᠠᠨᠲ᠋ᠤᠨᠢᠤ᠋  ᠭᠤᠲ᠋ᠧᠷᠷᠧᠱ ᠮᠣᠩᠭᠣᠯ ᠤᠯᠤᠰ ᠤᠨ 2026 ᠣᠨ ᠳᠤ ᠡᠬᠡ ᠣᠷᠣᠨ ᠳᠤ ᠪᠠᠨ ᠵᠣᠬᠢᠶᠠᠨ ᠪᠠᠶᠢᠭᠤᠯᠬᠤ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠴᠥᠯᠵᠢᠯᠲᠡ ᠲᠡᠢ ᠲᠡᠮᠡᠴᠡᠬᠦ ᠺᠣᠨᠸᠧᠨᠼ ᠤᠨ ᠲᠠᠯ᠎ᠠ ᠨᠤᠭᠤᠳ ᠤᠨ 17 ᠳ᠋ᠤᠭᠠᠷ ᠪᠠᠭ᠎ᠠ ᠬᠤᠷᠠᠯ ᠢ ᠣᠨᠴᠠᠯᠠᠵᠤ᠂ ᠪᠥᠰᠡ ᠨᠤᠲᠤᠭ᠂ ᠣᠯᠠᠨ ᠤᠯᠤᠰ ᠤᠨ ᠡᠮᠦᠨ᠎ᠡ ᠲᠤᠯᠭᠠᠷᠠᠵᠤ ᠪᠤᠢ ᠠᠰᠠᠭᠤᠳᠠᠯ ᠢ ᠰᠢᠢᠳᠪᠦᠷᠢᠯᠡᠬᠦ ᠳᠦ ᠣᠷᠣᠭᠤᠯᠵᠤ ᠪᠤᠢ ᠮᠣᠩᠭᠣᠯ ᠤᠯᠤᠰ ᠤᠨ ᠬᠤᠪᠢ ᠨᠡᠮᠡᠷᠢ ᠶᠢ ᠥᠨᠳᠥᠷ ᠢᠶᠡᠷ ᠦᠨᠡᠯᠡᠵᠦ ᠪᠠᠶᠢᠳᠠᠭ ᠢᠶᠠᠨ ᠲᠡᠮᠳᠡᠭᠯᠡᠪᠡ᠃

ᠰᠡᠳᠬᠢᠭᠳᠡᠯ ᠦᠯᠡᠳᠡᠭᠡᠬᠦ