ᠤ᠊ ∙ ᠬᠦᠷᠡᠯᠰᠦ᠋ᠬᠡ᠄ ᠭᠡᠷᠡᠭᠡ ᠨᠢ ᠥᠨᠥ ᠴᠠᠭ ᠤᠨ ᠳ᠋ᠢᠫᠯᠣᠮᠠᠲ ᠫᠠᠰᠫᠣᠷᠲ ᠤᠨ ᠡᠬᠢᠯᠡᠯ ᠪᠠᠶᠢᠪᠠ | News.MN

ᠤ᠊ ∙ ᠬᠦᠷᠡᠯᠰᠦ᠋ᠬᠡ᠄ ᠭᠡᠷᠡᠭᠡ ᠨᠢ ᠥᠨᠥ ᠴᠠᠭ ᠤᠨ ᠳ᠋ᠢᠫᠯᠣᠮᠠᠲ ᠫᠠᠰᠫᠣᠷᠲ ᠤᠨ ᠡᠬᠢᠯᠡᠯ ᠪᠠᠶᠢᠪᠠ

ᠮᠣᠩᠭᠣᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠶᠡᠷᠦᠩᠬᠡᠢ ᠠᠰᠰᠠᠮᠪᠯᠧᠢ ᠶᠢᠨ 79  ᠳ᠋ᠦ᠋ᠭᠡᠷ ᠴᠢᠭᠤᠯᠭᠠᠨ ᠤ ᠶᠡᠷᠦᠩᠬᠡᠢ ᠰᠠᠨᠠᠯ ᠰᠢᠭᠦᠮᠵᠢᠯᠡᠯ ᠳᠦ ᠦᠭᠡ ᠬᠡᠯᠡᠯ᠎ᠡ᠃

ᠤ᠊ ∙ ᠬᠦᠷᠡᠯᠰᠦ᠋ᠬᠡ ᠳᠠᠶᠠᠩ ᠳᠡᠯᠡᠬᠡᠢ ᠶᠢᠨ ᠡᠩᠬᠡ ᠲᠠᠶᠢᠪᠤᠩ᠂ ᠠᠶᠤᠯᠭᠦᠢ ᠪᠠᠶᠢᠳᠠᠯ᠂ ᠬᠦᠮᠦᠨ ᠲᠥᠷᠥᠯᠬᠢᠲᠡᠨ ᠦ ᠰᠠᠶᠢᠨ ᠰᠠᠶᠢᠬᠠᠨ᠂ ᠬᠥᠭᠵᠢᠯ ᠳᠡᠪᠰᠢᠯ ᠦᠨ ᠲᠥᠯᠦᠭᠡᠬᠢ ᠦᠵᠡᠯ ᠰᠠᠨᠠᠭ᠎ᠠ᠂ ᠬᠦᠰᠡᠯ ᠡᠷᠡᠮᠡᠯᠵᠡᠯ ᠦᠨ ᠳᠠᠭᠤ ᠬᠣᠭᠣᠯᠠᠢ ᠶᠢ ᠲᠦᠭᠡᠭᠡᠬᠦ ᠬᠠᠮᠤᠭ ᠤᠨ ᠴᠢᠬᠤᠯᠠ᠂ ᠡᠷᠬᠢᠮ ᠬᠦᠨᠳᠦ ᠲᠡᠢ ᠡᠨᠡ ᠬᠦ ᠶᠡᠨᠳᠡᠷ ᠳᠡᠭᠡᠷ᠎ᠡ ᠡᠴᠡ ᠬᠡᠯᠡᠭᠰᠡᠨ ᠦᠭᠡ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠲᠥᠪ ᠪᠠᠶᠢᠷᠢᠨ ᠤ ᠴᠡᠴᠡᠷᠯᠢᠭᠲᠦ ᠬᠦᠷᠢᠶᠡᠯᠡᠩ ᠳᠦ ᠪᠠᠶᠢᠳᠠᠭ ᠮᠣᠩᠭᠣᠯ ᠤᠷᠠᠨ ᠪᠦᠲᠦᠭᠡᠯᠴᠢ ᠶᠢᠨ《ᠤᠬᠠᠮᠰᠠᠷ》ᠪᠠᠷᠢᠮᠠᠯ ᠤᠨ ᠲᠤᠬᠠᠢ ᠦᠭᠡ ᠪᠡᠷ ᠡᠬᠢᠯᠡᠭᠦᠯᠦᠭᠰᠡᠨ ᠶᠤᠮ᠃

ᠲᠡᠷᠡᠪᠡᠷ᠂ ᠮᠢᠨᠦ ᠪᠡᠶ᠎ᠡ ᠶᠡᠷᠦᠩᠬᠡᠢ ᠠᠰᠰᠠᠮᠪᠯᠧᠢ ᠶᠢᠨ ᠴᠢᠭᠤᠯᠭᠠᠨ ᠳᠤ ᠤᠷᠤᠯᠴᠠᠬᠤ ᠪᠤᠯᠭᠠᠨ ᠳᠦ ᠪᠡᠨ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠲᠥᠪ ᠪᠠᠶᠢᠷᠢᠨ ᠤ ᠴᠡᠴᠡᠷᠯᠢᠭᠲᠦ ᠬᠦᠷᠢᠶᠡᠯᠡᠩ ᠳᠦ ᠪᠠᠶᠢᠳᠠᠭ ᠮᠣᠩᠭᠣᠯ ᠤᠨ ᠨᠡᠷᠡᠲᠦ ᠤᠷᠠᠨ ᠪᠦᠲᠦᠭᠡᠯᠴᠢ ᠶᠢᠨ ᠪᠦᠲᠦᠭᠡᠭᠰᠡᠨ 《ᠤᠬᠠᠮᠰᠠᠷ》ᠬᠡᠮᠡᠬᠦ ᠪᠠᠷᠢᠮᠠᠯ ᠢ ᠵᠣᠷᠢᠨ ᠣᠴᠢᠬᠤ ᠳᠤᠷᠠᠲᠠᠢ᠃ ᠡᠨᠡ ᠬᠦ ᠪᠠᠷᠢᠮᠠᠯ ᠳᠡᠭᠡᠷ᠎ᠡ ᠣᠴᠢᠬᠤ ᠪᠤᠯᠭᠠᠨ ᠳᠦ ᠪᠢᠳᠡ ᠪᠦᠬᠦᠨ ᠬᠦᠮᠦᠨ ᠲᠥᠷᠥᠯᠬᠢᠲᠡᠨ ᠦ ᠲᠡᠦᠬᠡ᠂ ᠢᠷᠡᠭᠡᠳᠦᠢ ᠬᠣᠶᠢᠴᠢ ᠦᠶ᠎ᠡ ᠶᠢᠨ ᠢᠶᠡᠨ ᠡᠮᠦᠨ᠎ᠡ ᠬᠠᠷᠢᠭᠤᠴᠠᠯᠭᠠᠲᠠᠢ᠂ ᠤᠬᠠᠮᠰᠠᠷ ᠲᠠᠢ᠂ ᠨᠡᠷ᠎ᠡ ᠲᠥᠷᠥ ᠲᠡᠢ ᠪᠠᠶᠢᠬᠤ ᠶᠣᠰᠣᠲᠠᠢ ᠭᠡᠳᠡᠭ ᠢ ᠡᠷᠭᠢᠴᠡᠭᠦᠯᠦᠨ ᠪᠣᠳᠣᠬᠤ ᠭᠦᠨ ᠭᠦᠨᠵᠡᠭᠡᠢ ᠮᠡᠳᠡᠷᠡᠮᠵᠢ ᠶᠢ ᠲᠥᠷᠦᠭᠦᠯᠳᠡᠭ᠃ ᠭᠦᠨ ᠤᠳᠬ᠎ᠠ ᠲᠡᠭᠦᠯᠳᠡᠷ ᠡᠨᠡ ᠬᠦ ᠪᠠᠷᠢᠮᠠᠯ ᠢ ᠳᠡᠯᠡᠬᠡᠢ ᠶᠢᠨ ᠤᠯᠤᠰ ᠣᠷᠣᠨ ᠨᠤᠭᠤᠳ《ᠲᠣᠭᠲᠠᠪᠤᠷᠢᠲᠠᠢ ᠬᠥᠭᠵᠢᠯ-2030 ᠬᠥᠲᠥᠯᠪᠦᠷᠢ》 ᠶᠢ ᠪᠠᠲᠤᠯᠠᠭᠰᠠᠨ᠂︽ᠫᠠᠷᠢᠰ ᠤᠨ ᠠᠭᠤᠷ ᠠᠮᠢᠰᠬᠤᠯ ᠤᠨ ᠬᠡᠯᠡᠯᠴᠡᠭᠡᠷ》ᠬᠡᠮᠡᠬᠦ ᠵᠣᠷᠢᠯᠲᠠ ᠶᠢ ᠳᠡᠪᠰᠢᠭᠦᠯᠦᠭᠰᠡᠨ ᠲᠡᠦᠬᠡᠨ ᠴᠠᠭ ᠦᠶ᠎ᠡ ᠶᠢᠨ ᠪᠡᠯᠭᠡᠳᠡᠯ ᠪᠣᠯᠭᠠᠨ ᠪᠦᠲᠦᠭᠡᠭᠰᠡᠨ ᠶᠤᠮ᠃

ᠡᠨᠡ ᠤᠳᠠᠭ᠎ᠠ ᠣᠴᠢᠬᠤ ᠳᠤ ᠡᠨᠡ ᠬᠦ ᠭᠠᠶᠢᠬᠠᠮᠰᠢᠭᠲᠤ ᠪᠦᠲᠦᠭᠡᠯ ᠲᠠ ᠪᠢᠳᠡᠨ ᠦ ᠢᠷᠡᠭᠡᠳᠦᠢ ᠬᠣᠶᠢᠴᠢ ᠦᠶ᠎ᠡ ᠶᠢᠨ ᠢᠶᠡᠨ ᠲᠥᠯᠥᠭᠡ ᠳᠡᠪᠰᠢᠭᠦᠯᠦᠭᠰᠡᠨ ᠵᠣᠷᠢᠯᠲᠠ᠂ ᠠᠮᠠᠯᠠᠯᠲᠠ ᠶᠢᠨ ᠬᠠᠷᠢᠭᠤ ᠶᠢ ᠨᠡᠬᠡᠬᠦ ᠮᠡᠲᠦ ᠳᠦᠩᠰᠦᠶᠢᠨ ᠵᠣᠭᠰᠣᠵᠤ ᠬᠠᠷᠠᠭᠳᠠᠯ᠎ᠠ ᠬᠡᠮᠡᠨ ᠥᠭᠥᠯᠡᠭᠡᠳ᠂ ᠮᠣᠩᠭᠣᠯ ᠤᠯᠤᠰ ᠣᠯᠠᠨ ᠤᠯᠤᠰ ᠤᠨ ᠡᠷᠬᠡ ᠵᠦᠢ᠂ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠤᠨ ᠳᠦᠷᠢᠮ ᠢ ᠳᠡᠭᠡᠳᠦᠯᠡᠭᠰᠡᠨ ᠣᠯᠠᠨ ᠲᠠᠯᠠᠲᠤ ᠬᠠᠮᠲᠤ ᠶᠢᠨ ᠠᠵᠢᠯᠯᠠᠭ᠎ᠠ ᠶᠢ ᠪᠡᠬᠢᠵᠢᠭᠦᠯᠬᠦ ᠨᠢ ᠣᠯᠠᠨ ᠤᠯᠤᠰ ᠤᠨ ᠡᠩᠬᠡ ᠲᠠᠶᠢᠪᠤᠩ᠂ ᠠᠶᠤᠯᠭᠦᠢ ᠪᠠᠶᠢᠳᠠᠯ ᠢ ᠬᠠᠩᠭᠠᠬᠤ ᠭᠣᠣᠯ ᠠᠷᠭ᠎ᠠ ᠵᠠᠮ ᠬᠡᠮᠡᠨ ᠦᠵᠡᠳᠡᠭ᠃ ᠲᠡᠭᠦᠨ ᠦ ᠳᠣᠲᠣᠷ᠎ᠠ ᠶᠠᠷᠢᠶ᠎ᠠ ᠬᠡᠯᠡᠯᠴᠡᠭᠡ᠂ ᠬᠠᠷᠢᠯᠴᠠᠨ ᠣᠶᠢᠯᠠᠭᠠᠯᠴᠠᠯ᠂ ᠬᠠᠷᠢᠯᠴᠠᠨ ᠢᠲᠡᠭᠡᠯᠴᠡᠯ ᠢ ᠪᠡᠬᠢᠵᠢᠭᠦᠯᠬᠦ ᠨᠢ ᠳᠡᠯᠡᠬᠡᠢ ᠨᠡᠶᠢᠲᠡ ᠶᠢᠨ ᠲᠣᠭᠲᠠᠪᠤᠷᠢᠲᠠᠢ ᠪᠠᠶᠢᠳᠠᠯ᠂ ᠡᠩᠬᠡ ᠲᠠᠶᠢᠪᠤᠩ ᠢᠶᠠᠷ ᠵᠡᠷᠭᠡᠴᠡᠨ ᠣᠷᠣᠰᠢᠬᠤ ᠶᠢᠨ ᠭᠣᠣᠯ ᠦᠨᠳᠦᠰᠦ ᠰᠠᠭᠤᠷᠢ ᠬᠡᠮᠡᠨ ᠦᠵᠡᠳᠡᠭ ᠢ ᠣᠨᠴᠠᠯᠠᠨ ᠲᠡᠮᠳᠡᠭᠯᠡᠯ᠎ᠡ᠃

ᠮᠣᠩᠭᠣᠯ  ᠤᠯᠤᠰ ᠤᠨ ᠤᠷᠠᠨ ᠪᠠᠷᠢᠮᠠᠯᠴᠢ ᠠᠶᠤᠷᠵᠠᠨ᠎ᠠ ᠶᠢᠨ ᠸᠴᠢᠷᠪᠣᠯᠣᠳ ᠤᠨ《ᠤᠬᠠᠮᠰᠠᠷ》ᠬᠡᠮᠡᠬᠦ ᠤᠭ ᠪᠦᠲᠦᠭᠡᠯ ᠢ 2017 ᠣᠨ ᠤ 10 ᠳ᠋ᠤᠭᠠᠷ ᠰᠠᠷ᠎ᠠ ᠶᠢᠨ 13  ᠳᠦ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠭᠠᠳᠠᠨ᠎ᠠ ᠲᠠᠯᠠᠪᠠᠢ ᠳᠤ ᠪᠠᠶᠢᠷᠢᠰᠢᠭᠤᠯᠤᠭᠰᠠᠨ ᠶᠤᠮ᠃ ᠲᠤᠰ ᠪᠦᠲᠦᠭᠡᠯ ᠦᠨ ᠠᠷᠤ ᠲᠠᠯ᠎ᠠ ᠶᠢᠨ ᠵᠦᠯᠭᠡᠨ ᠳᠡᠭᠡᠷ᠎ᠡ ᠲᠤᠰᠬᠠᠶᠢᠯᠠᠨ ᠪᠠᠶᠢᠷᠢᠰᠢᠭᠤᠯᠤᠭᠰᠠᠨ ᠬᠠᠪᠲᠠᠩ ᠳᠡᠭᠡᠷ᠎ᠡ ᠮᠣᠩᠭᠣᠯ ᠤᠯᠤᠰ ᠤᠨ ᠶᠡᠷᠦᠩᠬᠡᠶᠢᠯᠡᠭᠴᠢ ᠴ∙ᠡᠯᠪᠡᠭᠳᠣᠷᠵᠢ ᠶᠢᠨ ᠰᠠᠨᠠᠭᠠᠴᠢᠯᠠᠭ᠎ᠠ ᠪᠠᠷ 2017 ᠣᠨ ᠳᠤ ᠮᠣᠩᠭᠣᠯ ᠤᠯᠤᠰ ᠠᠴᠠ ᠪᠡᠯᠡᠭᠯᠡᠭᠰᠡᠨ ᠬᠡᠮᠡᠨ ᠪᠢᠴᠢᠵᠦ ᠮᠥᠩᠬᠡᠯᠡᠭᠰᠡᠨ ᠪᠠᠶᠢᠳᠠᠭ᠃ ᠤᠭ ᠬᠥᠰᠢᠶ᠎ᠡ ᠨᠢ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠦᠵᠡᠯ ᠰᠠᠨᠠᠭ᠎ᠠ ᠶᠢ ᠢᠯᠡᠷᠬᠡᠶᠢᠯᠡᠬᠦᠶᠢᠴᠡ ᠪᠦᠲᠦᠭᠡᠯ ᠬᠡᠮᠡᠨ ᠦᠨᠡᠯᠡᠭᠳᠡᠳᠡᠭ ᠶᠤᠮ᠃

ᠮᠣᠩᠭᠣᠯ ᠤᠯᠤᠰ ᠤᠨ ᠶᠡᠷᠦᠩᠬᠡᠶᠢᠯᠡᠭᠴᠢ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠤᠨ ᠬᠦᠨᠳᠦᠲᠦ ᠨᠣᠭᠣᠭᠠᠨ ᠶᠡᠨᠳᠡᠷ ᠳᠡᠭᠡᠷ᠎ᠡ ᠡᠴᠡ ᠬᠡᠯᠡᠭᠰᠡᠨ ᠦᠭᠡᠨ ᠳᠦ ᠪᠡᠨ᠂ ᠮᠥᠨ ᠥᠨᠥ ᠶᠢᠨ ᠳᠡᠯᠡᠬᠡᠢ ᠶᠢᠷᠲᠢᠨᠴᠦ ᠳᠦ ᠳ᠋ᠢᠫᠯᠣᠮᠠᠲ ᠬᠠᠷᠢᠯᠴᠠᠭᠠᠨ ᠤ ᠲᠡᠦᠬᠡᠨ ᠳᠦ ᠮᠣᠩᠭᠣᠯᠴᠤᠳ ᠤᠨ ᠣᠷᠣᠭᠤᠯᠤᠭᠰᠠᠨ ᠴᠢᠬᠤᠯᠠ ᠬᠤᠪᠢ ᠨᠡᠮᠡᠷᠢ ᠶᠢ ᠣᠨᠴᠠᠯᠠᠨ ᠲᠡᠮᠳᠡᠭᠯᠡᠯ᠎ᠡ᠃

《ᠭᠡᠷᠡᠭᠡ ᠪᠣᠯ ᠮᠣᠩᠭᠣᠯᠴᠤᠳ ᠠᠴᠠ ᠳᠡᠯᠡᠬᠡᠢ ᠶᠢᠨ ᠬᠠᠮᠲᠤ ᠶᠢᠨ ᠨᠡᠶᠢᠭᠡᠮᠯᠢᠭ ᠲᠦ ᠥᠭᠭᠦᠭᠰᠡᠨ ᠦᠨᠡᠲᠦ ᠥᠪ ᠶᠤᠮ᠃ ᠮᠣᠩᠭᠣᠯᠴᠤᠳ ᠤᠨ ᠡᠪᠦᠭᠡ ᠳᠡᠭᠡᠳᠦᠰ ᠦᠨ ᠮᠡᠷᠭᠡᠨ ᠤᠬᠠᠭᠠᠨ ᠠᠴᠠ ᠥᠨᠥ ᠶᠢᠨ ᠪᠢᠳᠡᠨ ᠳᠦ ᠰᠤᠷᠤᠯᠴᠠᠬᠤ ᠵᠦᠢᠯ ᠶᠡᠬᠡ ᠪᠠᠶᠢᠨ᠎ᠠ》 ᠬᠡᠮᠡᠨ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ ᠺᠣᠹᠢ ᠠᠨᠠᠨ ᠤ 2000 ᠣᠨ ᠳᠤ ᠬᠡᠯᠡᠭᠰᠡᠨ ᠦᠭᠡ ᠶᠢᠤ᠊ ∙ ᠬᠦᠷᠡᠯᠰᠦ᠋ᠬᠡ ᠡᠰᠢ ᠲᠠᠲᠠᠭᠠᠳ᠂ ᠡᠨᠡ ᠬᠦ ᠲᠡᠦᠬᠡᠨ  ᠭᠡᠷᠡᠭᠡ ᠥᠨᠥᠳᠥᠷ ᠴᠤ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠲᠥᠪ ᠪᠠᠶᠢᠷᠢᠨ ᠳᠤ ᠲᠡᠦᠬᠡᠨ ᠦᠨᠡᠲᠦ ᠳᠤᠷᠠᠰᠬᠠᠯ ᠪᠣᠯᠤᠨ ᠬᠠᠳᠠᠭᠠᠯᠠᠭᠳᠠᠵᠤ ᠪᠠᠶᠢᠨ᠎ᠠ᠃

ᠣᠯᠠᠨ ᠵᠠᠭᠤᠨ ᠤ ᠲᠡᠷᠲᠡᠭᠡ ᠡᠴᠡ ᠶᠡᠬᠡ ᠮᠣᠩᠭᠣᠯ ᠤᠯᠤᠰ ᠬᠥᠷᠰᠢ ᠵᠡᠷᠭᠡᠯᠡᠳᠡᠭᠡ᠂ ᠬᠣᠯᠠ ᠣᠶᠢᠷ᠎ᠠ᠂ ᠬᠣᠯᠪᠣᠭᠠᠲᠠᠨ᠂ ᠰᠥᠷᠭᠡᠯᠳᠦᠭᠴᠢ ᠠᠯᠢ ᠴᠤ ᠤᠯᠤᠰ ᠲᠠᠢ ᠬᠠᠷᠢᠯᠴᠠᠬᠤ ᠳᠤ ᠪᠠᠨ ᠡᠯᠴᠢ ᠲᠥᠯᠥᠭᠡᠯᠡᠭᠴᠢ ᠢᠯᠡᠭᠡᠬᠦ᠂ ᠬᠦᠯᠢᠶᠡᠨ ᠠᠪᠬᠤ᠂ ᠭᠡᠷ᠎ᠡ ᠬᠡᠯᠡᠯᠴᠡᠭᠡᠷ ᠪᠠᠶᠢᠭᠤᠯᠬᠤ᠂ ᠨᠠᠶᠢᠷᠠᠮᠳᠠᠬᠤ᠂ ᠵᠥᠪᠰᠢᠯᠴᠡᠬᠦ ᠵᠡᠷᠭᠡ ᠤᠯᠤᠰ ᠲᠥᠷᠥ᠂ ᠳ᠋ᠢᠫᠯᠣᠮᠠᠲ ᠤᠨ ᠠᠷᠭ᠎ᠠ ᠨᠤᠭᠤᠳ ᠢ ᠬᠡᠷᠡᠭᠯᠡᠵᠦ᠂ ᠠᠰᠠᠭᠤᠳᠠᠯ ᠢ ᠡᠪ ᠢᠶᠡᠷ ᠵᠣᠬᠢᠴᠠᠭᠤᠯᠬᠤ ᠶᠢ ᠡᠷᠡᠮᠡᠯᠵᠡᠳᠡᠭ ᠪᠠᠶᠢᠭᠰᠠᠨ ᠨᠢ ᠡᠳᠦᠭᠡ ᠴᠤ ᠮᠣᠩᠭᠣᠯ ᠤᠨ ᠲᠥᠷᠥ ᠶᠢᠨ ᠭᠠᠳᠠᠭᠠᠳᠤ ᠪᠣᠳᠣᠯᠭ᠎ᠠ ᠶᠢᠨ ᠭᠣᠣᠯ ᠵᠠᠷᠴᠢᠮ ᠬᠡᠪ ᠢᠶᠡᠷ ᠪᠠᠶᠢᠨ᠎ᠠ᠃ ᠡᠭᠦᠨ ᠦ ᠲᠡᠦᠬᠡᠨ ᠨᠣᠲᠠᠯᠠᠭ᠎ᠠ ᠪᠣᠯ ᠡᠯᠴᠢ ᠲᠥᠯᠥᠭᠡᠯᠡᠭᠴᠢ ᠶᠢᠨ ᠢᠲᠡᠭᠡᠮᠵᠢᠯᠡᠯ᠂ ᠥᠨᠥ ᠴᠠᠭ ᠤᠨ ᠳ᠋ᠢᠫᠯᠣᠮᠠᠲ ᠫᠠᠰᠫᠣᠷᠲ ᠤᠨ ᠡᠬᠢᠯᠡᠯ ᠪᠣᠯᠤᠭᠰᠠᠨ  ᠭᠡᠷᠡᠭᠡ ᠪᠠᠶᠢᠭᠰᠠᠨ᠃ ᠮᠣᠩᠭᠣᠯᠴᠤᠳ ᠪᠢᠳᠡᠨ ᠦ ᠡᠪᠦᠭᠡ ᠳᠡᠭᠡᠳᠦᠰ ᠲᠡᠷᠲᠡᠭᠡᠬᠢ ᠠᠷᠪᠠᠨ ᠭᠤᠷᠪᠠᠳᠤᠭᠠᠷ ᠵᠠᠭᠤᠨ ᠠᠴᠠ ᠤᠯᠤᠰ ᠬᠣᠭᠣᠷᠣᠨᠳᠣ ᠶᠢᠨ ᠬᠠᠷᠢᠯᠴᠠᠭᠠᠨ ᠳᠤ ᠠᠩᠬ᠎ᠠ ᠤᠳᠠᠭ᠎ᠠ ᠡᠭᠦᠨ ᠢ ᠬᠡᠷᠡᠭᠯᠡᠵᠦ ᠢᠷᠡᠭᠰᠡᠨ ᠲᠡᠦᠬᠡ ᠲᠡᠢ᠃

ᠮᠠᠨ ᠤ ᠡᠪᠦᠭᠡ ᠳᠡᠭᠡᠳᠦᠰ ᠦᠨ ᠡᠪ ᠡᠶ᠎ᠡ ᠶᠢ ᠰᠠᠬᠢᠨ᠂ ᠡᠪ ᠨᠠᠶᠢᠷ ᠲᠠᠢ ᠪᠠᠷ ᠵᠡᠷᠭᠡᠴᠡᠨ ᠣᠷᠣᠰᠢᠬᠤ ᠶᠢ ᠡᠷᠬᠢᠮᠯᠡᠳᠡᠭ ᠡᠨᠡ ᠬᠦ ᠦᠵᠡᠯ ᠰᠠᠨᠠᠭ᠎ᠠ ᠨᠢ ᠥᠨᠥ ᠶᠢᠨ ᠡᠩᠬᠡ ᠲᠠᠶᠢᠪᠤᠩ᠂ ᠲᠣᠭᠲᠠᠪᠤᠷᠢᠲᠠᠢ ᠪᠠᠶᠢᠳᠠᠯ ᠢ ᠰᠠᠬᠢᠨ ᠬᠠᠮᠠᠭᠠᠯᠠᠬᠤ ᠶᠢᠨ ᠲᠥᠯᠦᠭᠡᠬᠢ ᠬᠠᠮᠲᠤ ᠶᠢᠨ ᠬᠦᠴᠦᠨ ᠴᠢᠷᠮᠠᠶᠢᠯᠲᠠ ᠶᠢᠨ ᠦᠨᠳᠦᠰᠦ ᠰᠠᠭᠤᠷᠢ ᠪᠣᠯᠬᠤᠶᠢᠴᠠ ᠳᠡᠪᠰᠢᠯᠲᠡᠲᠦ ᠦᠵᠡᠯ ᠰᠠᠨᠠᠭ᠎ᠠ ᠶᠢ ᠠᠭᠤᠯᠵᠤ ᠪᠠᠶᠢᠭᠰᠠᠨ ᠢ ᠢᠯᠡᠳᠬᠡᠵᠦ ᠪᠠᠶᠢᠭ᠎ᠠ ᠬᠡᠮᠡᠨ ᠣᠨᠴᠠᠯᠠᠨ ᠲᠡᠮᠳᠡᠭᠯᠡᠯ᠎ᠡ᠃

ᠰᠡᠳᠬᠢᠭᠳᠡᠯ ᠦᠯᠡᠳᠡᠭᠡᠬᠦ