ᠤᠯᠤᠰ ᠤᠨ ᠶᠡᠬᠡ ᠬᠤᠷᠠᠯ ᠤᠨ ᠡᠳ᠋ ᠦᠨ ᠵᠠᠰᠠᠭ ᠤᠨ ᠪᠠᠶᠢᠩᠭᠤ ᠶᠢᠨ ᠬᠣᠷᠢᠶᠠᠨ ᠤ ᠬᠤᠷᠠᠯᠳᠤᠭᠠᠨ ᠢᠶᠠᠷ ᠲᠥᠷᠥ ᠡᠴᠡ ᠮᠥᠩᠭᠥᠨ ᠦ ᠪᠣᠳᠣᠯᠭ᠎ᠠ ᠶᠢᠨ ᠲᠠᠯ᠎ᠠ ᠪᠠᠷ 2025 ᠣᠨ ᠳᠤ ᠪᠠᠷᠢᠮᠲᠠᠯᠠᠬᠤ ᠦᠨᠳᠦᠰᠦᠨ ᠴᠢᠭᠯᠡᠯ ᠪᠠᠲᠤᠯᠠᠬᠤ ᠲᠤᠬᠠᠢ ᠲᠣᠭᠲᠠᠭᠠᠯ ᠤᠨ ᠲᠥᠰᠥᠯ ᠢ ᠬᠡᠯᠡᠯᠴᠡᠯ᠎ᠡ᠃
ᠤᠯᠤᠰ ᠤᠨ ᠶᠡᠬᠡ ᠬᠤᠷᠠᠯ ᠤᠨ ᠭᠡᠰᠢᠭᠦᠨ ᠵ ∙ ᠭᠠᠩᠪᠠᠭᠠᠲᠤᠷ᠄ ᠸᠠᠯᠢᠶᠤᠲ ᠤᠨ ᠨᠥᠭᠡᠴᠡ ᠡᠨᠡ ᠣᠨ ᠤ ᠲᠠᠪᠤᠳᠤᠭᠠᠷ ᠰᠠᠷ᠎ᠠ ᠳᠤ ᠲᠡᠦᠬᠡᠨ ᠳᠡᠭᠡᠳᠦ ᠬᠡᠮᠵᠢᠶ᠎ᠡ ᠪᠤᠶᠤ 5.2 ᠲᠡᠷᠪᠤᠮ ᠳ᠋ᠤᠯᠯᠠᠷ ᠲᠤ ᠬᠦᠷᠦᠭᠰᠡᠨ᠃ ᠭᠡᠲᠡᠯ᠎ᠡ ᠣᠳᠣ 4.6 ᠲᠡᠷᠪᠤᠮ ᠪᠣᠯᠵᠤ ᠪᠠᠭᠤᠷᠠᠭᠰᠠᠨ ᠪᠠᠶᠢᠨ᠎ᠠ᠃ ᠶᠠᠭᠠᠬᠢᠭᠰᠠᠨ ᠪᠤᠢ︖
ᠮᠣᠩᠭᠣᠯ ᠪᠠᠩᠭᠢᠨ ᠤ ᠶᠡᠷᠦᠩᠬᠡᠶᠢᠯᠡᠭᠴᠢ ᠪ∙ᠯᠾᠬᠠᠪᠠᠰᠦ᠋ᠷᠤᠩ᠄ ᠮᠣᠩᠭᠣᠯ ᠪᠠᠩᠭᠢᠨ ᠤ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠠᠷᠠᠳ ᠤᠨ ᠪᠠᠩᠬᠢ ᠲᠠᠢ ᠬᠢᠭᠰᠡᠨ ᠰᠪᠣᠫ ᠬᠡᠯᠡᠴᠡᠯ ᠦᠨ ᠦᠷᠢ ᠶᠢᠨ 50 ᠬᠤᠪᠢ ᠶᠢ ᠡᠨᠡ ᠣᠨ ᠳᠤ ᠲᠥᠯᠦᠭᠰᠡᠨ᠃ ᠡᠨᠡ ᠨᠢ ᠭᠠᠳᠠᠭᠠᠳᠤ ᠸᠠᠯᠢᠶᠤᠲ ᠤᠨ ᠨᠥᠭᠡᠴᠡ ᠥᠰᠦᠭᠡ ᠦᠭᠡᠢ ᠶᠢᠨ ᠨᠢᠭᠡ ᠰᠢᠯᠲᠠᠭᠠᠨ᠃12 ᠲᠡᠷᠪᠤᠮ ᠶᠤᠸᠠᠨ ᠤᠨ ᠥᠷᠢ ᠪᠠᠶᠢᠭᠰᠠᠨ᠃ ᠣᠳᠣ ᠵᠢᠷᠭᠤᠭᠠᠨ ᠲᠡᠷᠪᠤᠮ ᠦᠯᠡᠳᠡᠭᠡᠳ ᠪᠠᠶᠢᠨ᠎ᠠ᠃