《ᠡᠮᠦᠨᠡᠲᠦ ᠶᠢ ᠵᠣᠷᠢᠬᠤ ᠵᠠᠮ ᠳᠤ》ᠤᠷᠠᠨ ᠰᠠᠶᠢᠬᠠᠨ ᠤ ᠺᠢᠨᠣ᠋ ᠡᠨᠡ ᠰᠠᠷ᠎ᠠ ᠶᠢᠨ 16 ᠡᠴᠡ ᠡᠬᠢᠯᠡᠨ ᠣᠷᠣᠨ ᠨᠤᠲᠤᠭ ᠲᠤ ᠭᠠᠷᠴᠤ ᠡᠬᠢᠯᠡᠯ᠎ᠡ᠃ ᠠᠷᠪᠠᠳᠤᠭᠠᠷ ᠰᠠᠷ᠎ᠠ ᠶᠢᠨ 30 ᠢ ᠳᠠᠭᠤᠰᠲᠠᠯ᠎ᠠ ᠣᠷᠣᠨ ᠨᠤᠲᠤᠭ ᠤᠨ ᠦᠵᠡᠭᠴᠢᠳ ᠦᠨ ᠬᠦᠷᠲᠡᠭᠡᠯ ᠪᠣᠯᠬᠤ ᠪᠥᠭᠡᠳ ᠡᠬᠢᠯᠡᠭᠡᠳ ᠰᠦᠬᠡᠪᠠᠭᠠᠲᠤᠷ ᠠᠶᠢᠮᠠᠭ ᠤᠨ ᠪᠠᠷᠠᠭᠤᠨ-ᠤᠷᠲᠤ ᠬᠤᠲᠠᠨ᠎ᠠ ᠦᠵᠡᠭᠴᠢᠳ ᠦᠨ ᠬᠦᠷᠲᠡᠭᠡᠯ ᠪᠣᠯᠤᠨ᠎ᠠ᠃
ᠮᠣᠩᠭᠣᠯ ᠤᠯᠤᠰ ᠤᠨ《Hulegu pictures》᠂ ᠪᠦᠭᠦᠳᠡ ᠨᠠᠢᠷᠠᠮᠳᠠᠬᠤ ᠰᠤᠯᠤᠩᠭᠤᠰ ᠤᠯᠤᠰ ᠤᠨ《Kortop Media》 ᠤᠨ ᠬᠠᠮᠲᠤ ᠶᠢᠨ ᠪᠦᠲᠦᠭᠡᠯ ᠪᠣᠯᠬᠤ 《ᠡᠮᠦᠨᠡᠲᠦ ᠶᠢ ᠵᠣᠷᠢᠬᠤ ᠵᠠᠮ ᠳᠤ》 ᠺᠢᠨᠣ᠋ ᠨᠢ 16 ᠳ᠋ᠠᠬᠢ ᠤᠳᠠᠭ᠎ᠠ ᠶᠢᠨ 《ᠤᠯᠠᠭᠠᠨᠪᠠᠭᠠᠲᠤᠷ》 ᠺᠢᠨᠣ᠋ ᠨᠠᠭᠠᠳᠤᠮ ᠤᠨ ᠰᠢᠯᠢᠳᠡᠭ ᠺᠢᠨᠣ᠋ ᠪᠠᠷ ᠰᠢᠯᠭᠠᠷᠠᠭᠰᠠᠨ ᠪᠢᠯᠡ᠃