ᠨᠡᠶᠢᠰᠯᠡᠯ ᠦᠨ ᠵᠠᠰᠠᠭ ᠳᠠᠷᠤᠭ᠎ᠠ ᠶᠢᠨ ᠨᠢᠭᠡᠳᠦᠭᠡᠷ ᠣᠷᠣᠯᠠᠭᠴᠢ ᠲ∙ᠳᠠᠸᠠᠳᠠᠯᠠᠢ ᠠᠽᠢᠶ᠎ᠠ ᠶᠢᠨ ᠬᠥᠭᠵᠢᠯ ᠦᠨ ᠪᠠᠩᠬᠢᠨ ᠤ ᠪᠦᠰᠡ ᠨᠤᠲᠤᠭ ᠤᠨ ᠦᠢᠯᠡ ᠠᠵᠢᠯᠯᠠᠭᠠᠨ ᠤ ᠠᠯᠪᠠᠨ ᠤ ᠵᠠᠬᠢᠷᠤᠯ ᠽᠧᠾᠷᠠ ᠠᠪᠪᠠᠰ ᠲᠡᠷᠢᠭᠦᠲᠡᠢ ᠲᠥᠯᠦᠭᠡᠯᠡᠭᠴᠢᠳ ᠢ ᠬᠦᠯᠢᠶᠡᠨ ᠠᠪᠴᠤ ᠠᠭᠤᠯᠵᠠᠯ᠎ᠠ᠃
ᠲ ∙ ᠳᠠᠸᠠᠳᠠᠯᠠᠢ ᠠᠽᠢᠶ᠎ᠠ ᠶᠢᠨ ᠬᠥᠭᠵᠢᠯ ᠦᠨ ᠪᠠᠩᠬᠢᠨ ᠤ ᠤ ᠬᠡᠷᠡᠭᠵᠢᠭᠦᠯᠵᠦ ᠪᠤᠢ ᠲᠥᠰᠦᠯ ᠦᠳ ᠨᠢ ᠮᠠᠨ ᠤ ᠬᠣᠲᠠ ᠶᠢᠨ ᠳᠡᠳ᠋ ᠪᠦᠲᠦᠴᠡ᠂ ᠨᠡᠶᠢᠲᠡ ᠶᠢᠨ ᠲᠡᠭᠡᠭᠡᠪᠦᠷᠢ᠂ ᠠᠭᠠᠷ ᠤᠨ ᠴᠢᠨᠠᠷ ᠪᠣᠯᠤᠨ ᠪᠤᠰᠤᠳ ᠣᠯᠠᠨ ᠰᠠᠯᠪᠤᠷᠢ ᠳᠤ ᠡᠶᠡᠷᠭᠦ ᠥᠭᠡᠷᠡᠴᠢᠯᠡᠯᠲᠡ ᠠᠪᠴᠢᠷᠠᠵᠤ ᠪᠠᠶᠢᠭ᠎ᠠ ᠳᠤ ᠲᠠᠯᠠᠷᠬᠠᠯ ᠢᠯᠡᠷᠬᠡᠶᠢᠯᠡᠯ᠎ᠡ᠃
ᠨᠡᠶᠢᠰᠯᠡᠯ ᠦᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠪᠣᠯᠤᠨ ᠠᠽᠢᠶ᠎ᠠ ᠶᠢᠨ ᠬᠥᠭᠵᠢᠯ ᠦᠨ ᠪᠠᠩᠬᠢ ᠬᠣᠭᠣᠷᠣᠨᠳᠣ ᠤᠯᠠᠭᠠᠨᠪᠠᠭᠠᠲᠤᠷ ᠬᠣᠲᠠ ᠶᠢᠨ ᠢᠨᠵᠧᠨᠧᠷ ᠬᠠᠩᠭᠠᠮᠵᠢ ᠶᠢᠨ ᠦᠢᠯᠡᠴᠢᠯᠡᠭᠡ ᠶᠢ ᠰᠠᠶᠢᠵᠢᠷᠠᠭᠤᠯᠬᠤ᠂ ᠭᠡᠷ ᠬᠣᠷᠢᠶᠠᠯᠠᠯ ᠢ ᠬᠥᠭᠵᠢᠭᠦᠯᠬᠦ᠂ ᠰᠠᠩᠬᠦᠦᠵᠢᠭᠦᠯᠬᠦ ᠬᠥᠲᠦᠯᠪᠦᠷᠢ ᠶᠢᠨ ᠬᠦᠷᠢᠶᠡᠨ ᠳᠦ 2012 ᠣᠨ ᠤ ᠠᠷᠪᠠᠨ ᠬᠣᠶᠠᠳᠤᠭᠠᠷ ᠰᠠᠷ᠎ᠠ ᠶᠢᠨ 11 ᠦ ᠡᠳᠦᠷ ᠰᠠᠨᠠᠮᠵᠢ ᠪᠢᠴᠢᠭ ᠪᠠᠶᠢᠭᠤᠯᠤᠨ᠂ ᠬᠠᠮᠲᠤ ᠶᠢᠨ ᠠᠵᠢᠯᠯᠠᠭ᠎ᠠ ᠶᠢ ᠡᠬᠢᠯᠡᠭᠦᠯᠵᠦ ᠪᠠᠢᠵᠠᠢ᠃ ᠣᠳᠣ ᠪᠠᠷ ᠬᠡᠷᠡᠭᠵᠢᠵᠦ ᠪᠠᠶᠢᠭ᠎ᠠ 3 ᠲᠥᠰᠥᠯ ᠪᠠᠶᠢᠨ᠎ᠠ᠃