ᠡᠮᠦᠨᠡᠲᠦ ᠰᠣᠯᠣᠩᠭᠣᠰ᠄ ᠮᠣᠩᠭᠣᠯ ᠰᠤᠶᠤᠯ ᠤᠨ ᠲᠥᠪ ᠢ ᠨᠡᠭᠡᠭᠡᠨ᠎ᠡ | News.MN

ᠡᠮᠦᠨᠡᠲᠦ ᠰᠣᠯᠣᠩᠭᠣᠰ᠄ ᠮᠣᠩᠭᠣᠯ ᠰᠤᠶᠤᠯ ᠤᠨ ᠲᠥᠪ ᠢ ᠨᠡᠭᠡᠭᠡᠨ᠎ᠡ

ᠴᠠᠷ᠎ᠠ ᠲᠠᠬᠤᠯ ᠤᠨ ᠤᠯᠠᠮ ᠠᠴᠠ ᠦᠢᠯᠡ ᠠᠵᠢᠯᠯᠠᠭ᠎ᠠ ᠪᠠᠨ ᠵᠣᠭᠰᠣᠭᠠᠭᠠᠳ ᠪᠠᠶᠢᠭᠰᠠᠨ ᠡᠮᠦᠨᠡᠲᠦ ᠰᠣᠯᠣᠩᠭᠣᠰ ᠤᠨ ᠺᠶᠣᠩᠭᠢ ᠮᠤᠵᠢ ᠶᠢᠨ  ᠨᠠᠮᠢᠶᠠᠨᠵᠤ ᠬᠣᠲᠠ ᠳ᠋ᠠᠬᠢ 《ᠮᠣᠩᠭᠣᠯ ᠰᠤᠶᠤᠯ ᠤᠨ ᠲᠥᠪ》ᠨᠡᠭᠡᠭᠡᠬᠦ ᠭᠡᠵᠦ ᠪᠠᠶᠢᠨ᠎ᠠ᠃ ᠡᠨᠡ ᠲᠥᠪ ᠢ ᠠᠩᠬ᠎ᠠ 1998 ᠣᠨ ᠳᠤ ᠤᠯᠠᠭᠠᠨᠪᠠᠭᠠᠲᠤᠷ ᠬᠣᠲᠠ ᠲᠠᠢ ᠪᠠᠶᠢᠭᠤᠯᠤᠭᠰᠠᠨ ᠨᠠᠶᠢᠷᠰᠠᠭ ᠬᠠᠮᠲᠤ ᠶᠢᠨ ᠠᠵᠢᠯᠯᠠᠭᠠᠨ ᠤ ᠭᠡᠷ᠎ᠡ ᠶᠢᠨ ᠬᠦᠷᠢᠶᠡᠨ ᠳᠦ 2000 ᠣᠨ ᠤ ᠳᠥᠷᠪᠡᠳᠦᠭᠡᠷ ᠰᠠᠷ᠎ᠠ ᠳᠤ ᠪᠠᠶᠢᠭᠤᠯᠵᠠᠢ᠃ ᠲᠡᠷᠡ ᠦᠶ᠎ᠡ ᠡᠴᠡ ᠡᠬᠢᠯᠡᠨ ᠮᠣᠩᠭᠣᠯ ᠠᠴᠠ ᠵᠢᠯ ᠪᠦᠷᠢ ᠭᠤᠴᠢᠭᠠᠳ ᠬᠦᠮᠦᠨ ᠢ ᠢᠯᠡᠭᠡᠵᠦ᠂ ᠮᠣᠩᠭᠣᠯ ᠤᠨ ᠦᠨᠳᠦᠰᠦᠨ ᠦ ᠤᠷᠠᠯᠢᠭ ᠤᠨ ᠲᠣᠭᠯᠠᠯᠲᠠ ᠵᠣᠬᠢᠶᠠᠨ ᠪᠠᠶᠢᠭᠤᠯᠳᠠᠭ ᠪᠠᠶᠢᠪᠠ᠃ ᠤᠯᠠᠮ ᠢᠶᠠᠷ ᠵᠥᠪᠬᠡᠨ ᠦᠵᠡᠰᠬᠦᠯᠡᠩ ᠡᠳᠦᠷᠯᠢᠭ᠂ ᠠᠷᠭ᠎ᠠ ᠬᠡᠮᠵᠢᠶᠡᠨ ᠳᠦ ᠠᠰᠢᠭᠯᠠᠵᠤ ᠪᠠᠶᠢᠭᠠᠳ ᠬᠠᠭᠠᠯᠭ᠎ᠠ ᠪᠠᠨ ᠪᠠᠷᠢᠭᠰᠠᠨ ᠶᠤᠮ᠃

ᠲᠡᠭᠡᠪᠡᠯ ᠨᠠᠮᠢᠶᠠᠨᠵᠤ ᠬᠣᠲᠠ ᠶᠢᠨ ᠵᠠᠬᠢᠷᠭ᠎ᠠ ᠨᠢᠭᠡ ᠲᠡᠷᠪᠤᠮ ᠸᠣᠨ ᠤ ᠬᠥᠷᠥᠩᠭᠡ ᠣᠷᠣᠭᠤᠯᠤᠯᠲᠠ ᠪᠠᠷ ᠰᠢᠨ᠎ᠡ ᠪᠡᠷ ᠲᠥᠪ ᠦᠨ ᠭᠠᠳᠠᠨ᠎ᠠ ᠪᠣᠯᠤᠨ ᠳᠣᠲᠣᠷᠠᠬᠢ ᠦᠵᠡᠭᠦᠯᠪᠦᠷᠢ ᠶᠢᠨ ᠲᠠᠩᠬᠢᠮ ᠢ ᠵᠠᠰᠠᠪᠤᠷᠢᠯᠠᠵᠤ᠂ ᠮᠡᠷᠭᠡᠵᠢᠯ ᠦᠨ ᠲᠣᠨᠣᠭ ᠲᠥᠬᠥᠭᠡᠷᠦᠮᠵᠢ ᠰᠠᠭᠤᠷᠢᠯᠠᠭᠤᠯᠵᠠᠢ᠃ ᠰᠢᠨ᠎ᠡ ᠪᠡᠷ ᠵᠠᠰᠠᠪᠤᠷᠢᠯᠠᠭᠰᠠᠨ ᠲᠥᠪ ᠢ ᠮᠣᠩᠭᠣᠯᠴᠤᠳ ᠤᠨ ᠨᠡᠭᠦᠳᠡᠯ ᠦᠨ ᠠᠮᠢᠳᠤᠷᠠᠯ᠂ ᠮᠣᠩᠭᠣᠯ ᠭᠡᠷ ᠡᠴᠡ ᠰᠠᠨᠠᠭ᠎ᠠ ᠠᠪᠤᠨ ᠪᠠᠶᠢᠭᠤᠯᠵᠤ 《Nomadic Dream Hall》ᠭᠡᠵᠦ ᠨᠡᠷᠡᠯᠡᠭᠰᠡᠨ ᠶᠤᠮ᠃

ᠰᠡᠳᠬᠢᠭᠳᠡᠯ ᠦᠯᠡᠳᠡᠭᠡᠬᠦ