ᠮᠣᠩᠭᠣᠯ ᠤᠯᠤᠰ ᠤᠨ ᠶᠡᠷᠦᠩᠬᠡᠢᠢᠯᠡᠭ᠍ᠴᠢ ᠤᠬᠤᠨ᠎ᠠ ᠶᠢᠨ ᠬᠦᠷᠡᠯᠰᠦ᠋ᠬᠡ ᠠᠽᠸᠷᠪᠠᠢᠵᠠᠨ ᠤᠯᠤᠰ ᠤᠨ ᠨᠡᠢᠰᠯᠡᠯ ᠪᠠᠺᠤ ᠬᠣᠲᠠᠨ᠎ᠠ ᠥᠨᠥᠳᠥᠷ ᠡᠬᠢᠯᠡᠵᠦ ᠪᠤᠶ ᠨᠢᠭᠡᠳᠦᠭ᠍ᠰᠡᠨ ᠦᠨᠳᠦᠰᠦᠨ ᠤ ᠪᠠᠢᠭᠤᠯᠤᠯᠭ᠎ᠠ ᠶᠢᠨ ᠠᠭᠤᠷ ᠠᠮᠢᠰᠬᠤᠯ ᠤᠨ ᠥᠭᠡᠷᠡᠴᠢᠯᠡᠯᠲᠡ ᠶᠢᠨ ᠰᠠᠭᠤᠷᠢ ᠺᠣᠨ᠋ᠸᠧᠨ᠋ᠼ ᠤᠨ ᠲᠠᠯ᠎ᠠ ᠨᠤᠭᠤᠳ ᠤᠨ 29 ᠳ᠋ᠦ᠋ᠭᠡᠷ ᠪᠡᠭ᠎ᠠ ᠬᠤᠷᠠᠯ ᠤᠨ ᠦᠶ᠎ᠡ ᠪᠠᠷ ᠪᠦᠬᠦᠳᠠ ᠨᠠᠢᠢᠷᠠᠮᠳᠠᠬᠤ ᠠᠽᠸᠷᠪᠠᠢᠵᠠᠨ ᠤᠯᠤᠰ ᠤᠨ ᠶᠡᠷᠦᠩᠬᠡᠢᠢᠯᠡᠭ᠍ᠴᠢ ᠢᠯᠾᠠᠮᠤ ᠠᠯᠢᠶᠧᠪ ᠲᠠᠢ ᠠᠭᠤᠯᠵᠠᠪᠠ ᠃
ᠤ· ᠬᠦᠷᠡᠯᠰᠦ᠋ᠬᠡ ᠠᠭᠤᠯᠵᠠᠯᠲᠠ ᠶᠢᠨ ᠡᠬᠢᠨ ᠳᠤ ᠨᠢᠭᠡᠳᠦᠭ᠍ᠰᠡᠨ ᠦᠨᠳᠦᠰᠦᠲᠡᠨ ᠤ ᠪᠠᠢᠭᠤᠯᠤᠯᠭ᠎ᠠ ᠶᠢᠨ ᠲᠣᠮᠤᠬᠠᠨ ᠠᠷᠭ᠎ᠠ ᠬᠡᠮᠵᠢᠶ᠎ᠡ ᠶᠢ ᠡᠬᠡ ᠣᠷᠣᠨ ᠳᠤ ᠪᠠᠨ ᠠᠮᠵᠢᠯᠲᠠᠲᠠᠶ ᠵᠣᠬᠢᠶᠠᠨ ᠪᠠᠢᠭᠤᠯᠵᠤ ᠪᠠᠢᠭ᠎ᠠ ᠳᠤ ᠪᠡᠶᠡᠷ ᠬᠦᠷᠭᠡᠵᠦ ᠂ ᠮᠣᠩᠭᠣᠯ ᠂ ᠠᠽᠸᠷᠪᠠᠢᠵᠠᠨ ᠤ ᠨᠠᠢᠢᠷᠰᠠᠭ ᠬᠠᠷᠢᠯᠴᠠᠭ᠎ᠠ ᠬᠠᠮᠲᠤ ᠶ᠋ᠢᠨ ᠠᠵᠢᠯᠯᠠᠭ᠎ᠠ ᠤᠯᠤᠰ ᠲᠥᠷᠦ ᠶᠢᠨ ᠰᠠᠯᠪᠤᠷᠢ ᠳᠤ ᠢᠳᠡᠪᠬᠢᠲᠡᠢ ᠥᠷᠨᠢᠵᠦ ᠪᠠᠢᠭ᠎ᠠ ᠶᠢ ᠲᠡᠮᠳᠡᠭ᠍ᠯᠡᠵᠦ᠂ ᠴᠢᠨᠠᠭᠰᠢᠳᠠ ᠬᠠᠷᠢᠯᠴᠠᠨ ᠰᠣᠨᠢᠷᠬᠠᠭᠰᠠᠨ ᠪᠦᠬᠦᠢᠯᠡ ᠰᠠᠯᠪᠤᠷᠢ ᠳᠤ ᠥᠷᠭᠡᠵᠢᠭᠦᠯᠦᠨ ᠬᠥᠭ᠍ᠵᠢᠭᠦᠯᠬᠦ ᠱᠠᠭᠠᠷᠳᠠᠯᠭ᠎ᠠ ᠲᠠᠢ ᠪᠠᠢᠭ᠎ᠠ ᠶᠢ ᠣᠨᠴᠠᠯᠠᠯ᠎ᠠ ᠃
ᠲᠡᠳᠡ ᠬᠣᠶᠠᠷ ᠤᠯᠤᠰ ᠤᠨ ᠬᠤᠭᠤᠷᠦᠡᠳᠦ ᠦᠡᠳᠦᠷ ᠂ ᠲᠡᠭᠡᠳᠦ ᠲᠦᠪᠰᠢᠨ ᠦ ᠠᠢᠯᠴᠢᠯᠠᠯ ᠢ ᠣᠢᠷ᠎ᠠ ᠶᠢᠨ ᠬᠤᠭᠤᠴᠠᠭᠠᠨ ᠳᠤ ᠬᠡᠷᠡᠭ᠍ᠵᠢᠭᠦᠯᠵᠦ᠂ ᠬᠠᠷᠢᠯᠴᠠᠨ ᠠᠰᠢᠭ ᠲᠠᠢ ᠬᠠᠮᠲᠤ ᠶ᠋ᠢᠨ ᠠᠵᠢᠯᠯᠠᠭ᠎ᠠ ᠶᠢ ᠬᠥᠭ᠍ᠵᠢᠭᠦᠯᠬᠦ ᠦᠨᠳᠦᠰᠦ ᠰᠠᠭᠤᠷᠢ ᠶᠢ ᠪᠡᠬᠢᠵᠢᠭᠦᠯᠬᠦ ᠪᠠᠷ ᠰᠠᠨᠠᠯ ᠨᠢᠭᠡᠳᠪᠡ᠃ ᠲᠡᠭᠦᠨᠴᠢᠯᠡᠨ ᠮᠣᠩᠭᠣᠯ᠂ ᠠᠽᠸᠷᠪᠠᠢᠵᠠᠨ ᠤ ᠬᠠᠷᠢᠯᠴᠠᠭ᠎ᠠ ᠶᠢ ᠡᠳ᠋ ᠦᠨ ᠵᠠᠰᠠᠭ ᠤᠨ ᠠᠭᠤᠯᠭ᠎ᠠ ᠪᠠᠷ ᠪᠠᠶᠠᠵᠢᠭᠤᠯᠵᠤ᠂ ᠬᠥᠷᠥᠩᠭᠡ ᠣᠷᠤᠭᠤᠯᠤᠯᠲᠠ ᠶᠢ ᠨᠡᠮᠡᠭ᠍ᠳᠡᠭᠦᠯᠬᠦ ᠂ ᠲᠤᠬᠠᠢᠯᠠᠪᠠᠯ᠂ ᠬᠥᠳᠡᠭᠡ ᠠᠵᠤ ᠠᠬᠤᠶ᠂ ᠲᠡᠭᠡᠭᠡᠪᠦᠷᠢ᠂ ᠪᠣᠯᠪᠠᠰᠤᠷᠠᠯ ᠤᠨ ᠰᠠᠯᠪᠤᠷᠢ ᠳᠤ ᠪᠣᠳᠠᠲᠤ ᠦᠷ᠎ᠡ ᠳ᠋ᠦᠩ ᠲᠠᠢ ᠬᠠᠮᠲᠤ ᠶ᠋ᠢᠨ ᠠᠵᠢᠯᠯᠠᠭ᠎ᠠ ᠥᠷᠨᠢᠭᠦᠯᠬᠦ ᠪᠣᠯᠤᠮᠵᠢ ᠶᠢᠨ ᠲᠠᠯ᠎ᠠ ᠪᠠᠷ ᠶᠠᠷᠢᠯᠴᠠᠪᠠ ᠃