ᠬᠥᠪᠰᠥᠬᠥᠯ ᠠᠢᠮᠠᠭ ᠤᠨ ᠢᠷᠭᠡᠳ ᠤᠨ ᠲᠥᠯᠥᠭᠡᠯᠡᠭ᠍ᠴᠢᠳ ᠤᠨ ᠬᠤᠷᠠᠯ ᠤᠨ ᠲᠣᠭᠲᠠᠭᠠᠯ ᠢᠶᠠᠷ ᠣᠷᠣᠨ ᠨᠤᠲᠤᠭ ᠤᠨ ᠣᠨᠴᠠᠯᠢᠭ ᠪᠦᠬᠦᠢ ᠳᠠᠬᠢᠨ ᠳᠠᠪᠲᠠᠭᠳᠠᠰᠢ ᠦᠭᠡᠶ ᠰᠣᠶᠤᠯ ᠤᠨ ᠪᠡᠶᠡᠲᠦ ᠪᠤᠯᠦᠠ ᠪᠡᠶᠡᠲᠦ ᠪᠤᠰᠤ ᠥᠪ ᠢ ᠬᠠᠳᠠᠭᠠᠯᠠᠵᠤ ᠬᠠᠮᠡᠭᠠᠯᠡᠬᠤ᠂ ᠥᠪᠯᠡᠭᠦᠯᠬᠦ ᠂ ᠰᠣᠶᠤᠯ ᠤᠨ ᠦᠯᠦ ᠬᠥᠳᠡᠯᠬᠦ ᠳᠤᠷᠠᠰᠬᠠᠯ ᠤᠨ ᠡᠰᠡᠷᠭᠦ ᠭᠡᠮᠲᠦ ᠬᠡᠷᠡᠭ᠂ ᠵᠥᠷᠢᠴᠡᠯ ᠢ ᠪᠠᠭᠤᠷᠠᠭᠤᠯᠬᠤ ᠵᠣᠷᠢᠯᠭ᠎ᠠ ᠪᠠᠷ《ᠢᠷᠭᠡᠳ ᠦᠨ ᠣᠷᠣᠯᠴᠠᠭᠠᠨ ᠳᠤ ᠲᠤᠯᠭᠠᠭᠤᠷᠢᠯᠠᠭᠰᠠᠨ ᠥᠪ ᠬᠠᠮᠠᠭᠠᠯᠠᠯ》ᠬᠥᠲᠥᠯᠪᠦᠷᠢ ᠶᠢ ᠭᠤᠷᠪᠠᠳᠠᠬᠢ ᠵᠢᠯ ᠳᠤ ᠪᠠᠨ ᠬᠡᠷᠡᠭ᠍ᠵᠢᠭᠦᠯᠵᠦ ᠪᠡᠢᠢᠨ᠎ᠡ ᠃
ᠢᠩᠭᠢᠭᠡᠳ ᠠᠢᠮᠠᠭ ᠤᠨ ᠰᠤᠶᠦᠯ ᠤᠷᠠᠯᠢᠭ ᠠᠶᠠᠯᠠᠯ ᠵᠢᠭᠤᠯᠴᠢᠯᠠᠯ ᠵᠠᠯᠠᠭᠤᠴᠤᠳ ᠤᠨ ᠭᠠᠵᠠᠷ ᠂ 《ᠬᠤᠪᠢᠯᠭᠠᠨ ᠭᠠᠵᠠᠷ 》 ᠺᠤᠮᠫᠠᠨᠢ ᠲᠠᠢ ᠬᠠᠮᠲᠤᠷᠠᠨ 19.5 ᠰᠠᠶ᠎ᠠ ᠲᠥᠭᠥᠷᠢᠭ ᠢᠶᠡᠷ ᠲᠤᠰ ᠠᠢᠮᠠᠭ ᠤᠨ ᠨᠤᠲᠤᠭ ᠲᠤ ᠪᠠᠢᠭ᠎ᠠ ᠤᠯᠤᠰ ᠂ ᠠᠢᠮᠠᠭ ᠤᠨ ᠬᠠᠮᠠᠭᠠᠯᠠᠯᠲᠠ ᠳᠤ ᠣᠷᠤᠰᠢᠬᠤ 40 ᠦᠯᠦ ᠬᠥᠳᠡᠯᠬᠦ ᠳᠤᠷᠠᠰᠬᠠᠯ ᠢ ᠻᠠᠳᠠᠰᠲᠷ ᠲᠤ ᠣᠷᠣᠭᠤᠯᠬᠤ ᠠᠵᠢᠯ ᠢ ᠭᠦᠢᠴᠡᠳᠬᠡᠵᠦ ᠪᠠᠲᠤᠯᠠᠭᠠᠵᠢᠭᠤᠯᠤᠭᠰᠠᠨ ᠪᠡᠢᠢᠨ᠎ᠡ ᠃ ᠮᠤᠢ᠍ᠠ ᠰᠣᠶᠤᠯ ᠤᠨ ᠥᠪ ᠢ ᠬᠠᠮᠠᠭᠠᠯᠠᠭᠤᠯᠬᠤ ᠪᠠᠷ 80 ᠭᠠᠷᠦᠢ ᠮᠠᠯᠴᠢᠨ ᠲᠠᠢ ᠭᠤᠷᠪᠠᠯᠠᠭᠰᠠᠨ ᠭᠡᠷ᠎ᠡ ᠪᠠᠢᠭᠤᠯᠤᠨ ᠬᠠᠮᠲᠤᠷᠠᠨ ᠠᠵᠢᠯᠯᠠᠵᠤ ᠪᠡᠢᠢᠨ᠎ᠡ ᠃