ᠮᠣᠩᠭᠣᠯ ᠤᠯᠤᠰ ᠤᠨ ᠵᠠᠰᠠᠭ ᠤᠨ ᠭᠠᠵᠠᠷ ᠴᠡᠴᠡᠷᠯᠢᠭ᠂ ᠶᠡᠷᠦᠩᠬᠡᠶ ᠪᠣᠯᠪᠠᠰᠤᠷᠠᠯ ᠤᠨ ᠰᠤᠷᠭᠠᠭᠤᠯᠢ ᠶᠢᠨ ᠦᠳᠡ ᠶᠢᠨ ᠬᠣᠭᠣᠯᠠᠨ ᠤ ᠲᠦᠭᠦᠬᠡᠢ ᠡᠳ᠋ ᠦᠨ ᠵᠠᠷᠤᠳᠠᠯ ᠢ 1000 ᠲᠥᠭᠥᠷᠢᠭ ᠢᠶᠡᠷ ᠨᠡᠮᠡᠭ᠍ᠳᠡᠭᠦᠯᠵᠦ᠂ 2500 ᠲᠥᠭᠥᠷᠢᠭ ᠂ ᠶᠡᠷᠦᠩᠬᠡᠶ ᠪᠣᠯᠪᠠᠰᠤᠷᠠᠯ ᠤᠨ ᠰᠤᠷᠭᠠᠭᠤᠯᠢ ᠂ ᠮᠡᠷᠭᠡᠵᠢᠯ ᠤᠨ ᠪᠤᠯᠦᠠ ᠲᠧᠭ᠍ᠨᠢᠭ ᠤᠨ ᠪᠣᠯᠪᠠᠰᠤᠷᠠᠯ ᠤᠨ ᠰᠤᠷᠭᠠᠯᠲᠠ ᠶᠢᠨ ᠪᠠᠢᠭᠤᠯᠤᠯᠭ᠎ᠠ ᠶᠢᠨ ᠲᠣᠳᠣᠭᠣᠷ ᠪᠠᠢᠷᠢᠨ ᠳᠤ ᠠᠮᠢᠳᠦᠷᠡᠬᠤ ᠬᠡᠦᠬᠡᠳ ᠤᠨ ᠬᠣᠭᠣᠯᠠᠨ ᠤ ᠲᠦᠭᠦᠬᠡᠢ ᠡᠳ᠋ ᠦᠨ ᠵᠠᠷᠤᠳᠠᠯ ᠢ 2000 ᠲᠥᠭᠥᠷᠢᠭ ᠢᠶᠡᠷ ᠨᠡᠮᠡᠭ᠍ᠳᠡᠭᠦᠯᠵᠦ᠂ 6000-6300 ᠲᠥᠭᠥᠷᠢᠭ ᠪᠣᠯᠭᠠᠨ ᠲᠣᠭᠲᠠᠭᠠᠭᠰᠠᠨ ᠢ ᠪᠣᠯᠪᠠᠰᠤᠷᠠᠯ ᠤᠨ ᠰᠠᠢᠳ ᠫ᠊· ᠨᠠᠷᠠᠨᠪᠠᠶᠠᠷ ᠮᠡᠳᠡᠭ᠍ᠳᠡᠯ᠎ᠡ᠃ ᠡᠨᠡ ᠬᠢᠴᠢᠶᠡᠯ ᠦᠨ ᠵᠢᠯ ᠳᠤ ᠶᠡᠷᠦᠩᠬᠡᠶ ᠪᠣᠯᠪᠠᠰᠤᠷᠠᠯ ᠤᠨ ᠰᠤᠷᠭᠠᠭᠤᠯᠢ ᠶᠢᠨ ᠦᠳᠡ ᠶᠢᠨ ᠬᠣᠭᠣᠯᠠᠨ ᠤ ᠦᠢᠯᠡᠴᠢᠯᠡᠭᠡᠨ ᠳᠤ 343289 ᠰᠤᠷᠤᠭ᠌ᠴᠢ ᠬᠠᠮᠤᠷᠤᠭᠳᠠᠵᠤ ᠂ ᠲᠣᠳᠣᠭᠣᠷ ᠪᠠᠢᠷᠢᠨ ᠳᠤ 38871 ᠬᠡᠦᠬᠡᠳ ᠠᠮᠢᠳᠤᠷᠠᠵᠤ ᠪᠠᠢᠢᠭ᠎ᠠ ᠶᠤᠮ᠃
ᠢᠩᠭᠢᠭᠡᠳ ᠰᠤᠷᠤᠭᠴᠢᠳ ᠤᠨ ᠬᠤᠭᠤᠯᠠᠨ ᠤ ᠵᠠᠷᠤᠳᠠᠯ ᠳᠤ 221 ᠲᠡᠷᠪᠤᠮ ᠲᠥᠭᠥᠷᠢᠭ ᠵᠠᠷᠤᠴᠠᠭᠤᠯᠬᠤ ᠪᠠᠷ 2025 ᠣᠨ ᠤ ᠤᠯᠤᠰ ᠤᠨ ᠲᠥᠰᠦᠪ ᠲᠤ ᠲᠤᠰᠬᠠᠵᠠᠢ ᠃