ᠮᠣᠩᠭᠣᠯ ᠤᠯᠤᠰ ᠤᠨ ᠶᠡᠷᠦᠩᠬᠡᠢᠢᠯᠡᠭ᠍ᠴᠢ ᠤ· ᠬᠦᠷᠡᠯᠰᠦ᠋ᠬᠡ ᠲᠦᠷᠺ ᠦᠨ ᠶᠡᠷᠦᠩᠬᠡᠢᠢᠯᠡᠭ᠍ᠴᠢ ᠡᠷᠳᠤᠭᠠᠨ ᠤ ᠤᠷᠢᠯᠭ᠎ᠠ ᠪᠠᠷ ᠲᠤᠰ ᠤᠯᠤᠰ ᠲᠤ ᠠᠢᠯᠴᠢᠯᠠᠬᠤ ᠪᠠᠷ ᠥᠨᠥᠳᠥᠷ ᠥᠷᠯᠥᠭᠡ ᠮᠣᠷᠳᠠᠯ᠎ᠠ᠃ ᠲᠦᠷᠺ ᠤᠯᠤᠰ ᠲᠤ 2004 ᠣᠨ ᠳᠤ ᠶᠡᠷᠦᠩᠬᠡᠢᠢᠯᠡᠭ᠍ᠴᠢ ᠪᠠᠭᠠᠪᠠᠨᠳᠢ ᠠᠢᠯᠴᠢᠯᠠᠭᠰᠠᠨ ᠠᠴᠠ ᠬᠤᠢᠢᠰᠢ 21 ᠵᠢᠯ ᠦᠨ ᠳᠠᠷᠠᠭ᠎ᠠ ᠮᠣᠩᠭᠣᠯ ᠤᠯᠤᠰ ᠤᠨ ᠶᠡᠷᠦᠩᠬᠡᠢᠢᠯᠡᠭ᠍ᠴᠢ ᠲᠥᠷᠦ ᠶᠢᠨ ᠲᠡᠭᠡᠳᠦ ᠲᠦᠪᠰᠢᠨ ᠦ ᠠᠢᠢᠯᠴᠢᠯᠠᠯ ᠬᠢᠵᠦ ᠪᠠᠢᠭ᠎ᠠ ᠨᠢ ᠡᠨᠡ ᠶᠤᠮ ᠃ ᠬᠠᠷᠢᠨ ᠡᠷᠳᠤᠭᠠᠨ ᠶᠡᠷᠦᠩᠬᠡᠶ ᠰᠠᠢᠳ ᠪᠠᠢᠬᠤ ᠳᠤ ᠪᠠᠨ 2013 ᠣᠨ ᠳᠤ ᠮᠠᠨ ᠤ ᠤᠯᠤᠰ ᠲᠤ ᠠᠢᠯᠴᠢᠯᠠᠵᠤ ᠪᠠᠢᠪᠠ ᠃
ᠬᠣᠶᠠᠷ ᠤᠯᠤᠰ ᠳ᠋ᠢᠫᠯᠤᠮᠠᠲ ᠬᠠᠷᠢᠯᠴᠠᠭ᠎ᠠ ᠲᠣᠭᠲᠠᠭᠠᠭᠰᠠᠨ ᠤ 55 ᠵᠢᠯ ᠦᠨ ᠣᠢ ᠶᠢᠨ ᠬᠦᠷᠢᠶᠡᠨ ᠳᠤ ᠬᠢᠵᠦ ᠪᠤᠶ ᠡᠨᠡ ᠠᠢᠢᠯᠴᠢᠯᠠᠯ 15-19 ᠤ ᠡᠳᠦᠷ ᠤᠳ ᠲᠤ ᠦᠷᠬᠦᠯᠵᠢᠯᠡᠬᠦ ᠪᠥᠭᠡᠳ ᠬᠣᠶᠠᠷ ᠤᠯᠤᠰ ᠤᠨ ᠶᠡᠷᠦᠩᠬᠡᠢᠢᠯᠡᠭ᠍ᠴᠢ ᠭᠠᠭᠴᠠᠭᠠᠷᠴᠢᠯᠠᠨ ᠠᠭᠤᠯᠵᠠᠬᠤ ᠶᠢᠨ ᠵᠡᠷᠭᠡᠴᠡᠭᠡ ᠠᠯᠪᠠᠨ ᠶᠣᠰᠣᠨ ᠤ ᠬᠡᠯᠡᠯᠴᠡᠭᠡ ᠬᠢᠵᠦ᠂ ᠭᠡᠪᠯᠡᠯ ᠮᠡᠳᠡᠭᠡᠯᠡᠯ ᠦᠨ ᠪᠠᠢᠭᠤᠯᠤᠯᠭ᠎ᠠ ᠨᠤᠭᠤᠳ ᠲᠤ ᠮᠡᠳᠡᠭᠡᠯᠡᠯ ᠥᠭ᠍ᠭᠦᠨ᠎ᠡ᠃ ᠮᠤᠢ᠍ᠠ《ᠪᠣᠯᠪᠠᠰᠤᠷᠠᠯ ᠤᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ》᠂《ᠵᠠᠯᠠᠭᠤᠴᠤᠳ᠂ ᠰᠫᠣᠷᠲ ᠤᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ 》᠂ 《ᠡᠷᠡᠭᠦᠯ ᠮᠡᠨᠳᠦ᠂ ᠠᠨᠠᠭᠠᠬᠤ ᠶᠢᠨ ᠰᠢᠨᠵᠢᠯᠡᠬᠦ ᠤᠬᠠᠭᠠᠨ ᠤ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ》ᠵᠠᠰᠠᠭ ᠤᠨ ᠭᠠᠵᠠᠷ ᠬᠣᠭᠤᠷᠤᠨᠳᠤ ᠶᠢᠨ ᠬᠡᠯᠡᠯᠴᠡᠭᠡᠷ ᠂ ᠪᠠᠢᠭᠠᠯᠢ ᠣᠷᠴᠢᠨ᠂ ᠠᠭᠤᠯᠠ ᠠᠭᠤᠷᠬᠠᠢ᠂ ᠵᠡᠮ ᠲᠡᠭᠡᠭᠡᠪᠦᠷᠢ᠂ ᠳᠡᠳ᠋ ᠪᠦᠲᠦᠴᠡ᠂ ᠣᠢ ᠶᠢᠨ ᠠᠵᠤ ᠠᠬᠤᠶ᠂ ᠬᠠᠤᠯᠢ ᠠ᠋ᠷᠭᠡ ᠵᠦᠢ ᠶᠢᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠠᠷᠪᠠᠭᠠᠳ ᠪᠠᠷᠢᠮᠲᠠ ᠪᠢᠴᠢᠭ ᠲᠦ ᠭᠠᠷ ᠤᠨ ᠦᠰᠦᠭ ᠵᠢᠷᠤᠬᠤ ᠶᠤᠮ᠃