ᠲᠠᠢᠯᠠᠨᠳ᠋ ᠤᠯᠤᠰ ᠲᠤ ᠪᠣᠯᠵᠤ ᠪᠤᠶ ᠵᠠᠰᠠᠮᠠᠯ ᠵᠠᠮ ᠤᠨ ᠳᠤᠭᠤᠢ ᠶᠢᠨ ᠠᠽᠢᠶ᠎ᠠ ᠲᠢᠪ ᠤᠨ ᠠᠪᠤᠷᠭᠤ ᠰᠢᠯᠭᠠᠷᠠᠭᠤᠯᠬᠤ ᠲᠡᠮᠡᠴᠡᠭᠡᠨ ᠤ ᠳᠣᠯᠣᠭ᠎ᠠ ᠳ᠋ᠡᠬᠢ ᠡᠳᠦᠷ ᠮᠣᠩᠭᠣᠯ ᠤᠨ ᠪᠠᠭ ᠭᠤᠷᠪᠠᠨ ᠮᠧᠳᠠᠯ ᠬᠦᠷᠲᠡᠯ᠎ᠡ ᠃ ᠤᠷᠤᠯᠳᠤᠭᠠᠨ ᠤ 50-55 ᠨᠠᠰᠤᠨ ᠤ ᠠᠩᠭᠢᠯᠠᠯ ᠳᠤ ᠰᠢᠨᠡᠪᠠᠶᠠᠷ ᠠᠯᠲᠠᠨ ᠮᠧᠳᠠᠯ ᠬᠦᠷᠲᠡᠵᠦ᠂ ᠪᠠᠭ ᠤᠨ ᠢᠶᠠᠨ ᠠᠩᠬᠠᠨ ᠤ ᠮᠸᠳᠠᠯ ᠢ ᠠᠪᠴᠢᠷᠠᠭᠰᠠᠨ ᠪᠣᠯ 60-64 ᠨᠠᠰᠤᠨ ᠤ ᠠᠩᠭᠢᠯᠠᠯ ᠳᠤ ᠡᠩᠬᠡ ᠣᠳᠤ ᠮᠥᠩᠭᠥᠨ ᠮᠧᠳᠠᠯ᠂ 65-69 ᠨᠠᠰᠤᠨ ᠤ ᠠᠩᠭᠢᠯᠠᠯ ᠳᠤ ᠠᠩᠬᠠᠪᠠᠶᠠᠷ ᠬᠦᠷᠡᠯ ᠮᠧᠳᠠᠯ ᠬᠦᠷᠲᠡᠪᠡ ᠃
ᠰᠢᠨᠡᠪᠠᠶᠠᠷ ᠡᠨᠡ ᠰᠠᠷ᠎ᠠ ᠶᠢᠨ 8 ᠳᠤ ᠪᠣᠯᠣᠭᠰᠠᠨ ᠭᠠᠭᠴᠠᠭᠠᠷᠴᠢᠯᠠᠭᠰᠠᠨ ᠭᠠᠷᠤᠭ᠎ᠠ ᠲᠠᠢ ᠤᠷᠤᠯᠳᠤᠭᠠᠨ ᠠᠴᠠ ᠮᠥᠩᠭᠥᠨ ᠮᠧᠳᠠᠯ ᠬᠦᠷᠲᠡᠭᠡᠳ ᠪᠠᠢᠵᠠᠢ᠃