ᠣᠶᠤᠲᠠᠨ ᠵᠠᠯᠠᠭᠤᠰ ᠢ ᠤᠯᠤᠰ ᠤᠨ ᠶᠡᠬᠡ ᠬᠤᠷᠠᠯ᠍ ᠤᠨ ᠦᠢᠯᠡ ᠠᠵᠢᠯᠯᠠᠭ᠎ᠠ ᠲᠠᠢ ᠲᠡᠨᠢᠯᠴᠡᠭᠤᠯᠬᠤ ᠵᠣᠷᠢᠯᠭ᠎ᠠ ᠲᠠᠢ《ᠨᠡᠭᠡᠭᠡᠯᠲᠡ ᠲᠠᠢ ᠫᠠᠷᠯᠠᠮᠸᠨ᠋ᠲ》ᠳᠠᠳᠤᠯᠭᠠᠵᠢᠬᠤ ᠬᠥᠲᠥᠯᠪᠦᠷᠢ ᠡᠨᠡ ᠰᠠᠷ᠎ᠠ ᠶᠢᠨ 14 ᠳᠤ ᠳᠠᠭᠤᠰᠤᠯ᠎ᠠ᠃ ᠤᠭ ᠬᠦᠲᠦᠯᠪᠦᠷᠢ ᠳᠤ ᠬᠠᠮᠤᠷᠤᠭᠳᠠᠬᠤ ᠬᠦᠰᠡᠯᠲᠡ ᠢᠷᠡᠭᠦᠯᠦᠭ᠍ᠰᠡᠨ 1600 ᠣᠶᠤᠲᠠᠨ ᠠᠴᠠ ᠭᠠᠳᠠᠭᠠᠳᠤ᠂ ᠳᠣᠲᠣᠭᠠᠳᠤ ᠶᠢᠨ ᠶᠡᠭᠡ᠂ ᠲᠡᠭᠡᠳᠦ ᠰᠤᠷᠭᠠᠭᠤᠯᠢ ᠶᠢᠨ ᠪᠠᠺᠯᠠᠸᠠᠷ ᠤᠨ ᠭᠤᠷᠪᠠ ᠂ ᠳᠥᠷᠪᠡᠳᠦᠭᠡᠷ ᠠᠩᠭᠢ ᠳᠤ ᠰᠤᠷᠤᠯᠴᠠᠬᠤ ᠪᠤᠶ 100 ᠣᠶᠤᠲᠠᠨ ᠰᠢᠯᠭᠠᠷᠠᠵᠤ᠂ ᠬᠤᠷᠢ ᠬᠣᠨᠣᠭ ᠤᠨ ᠬᠤᠭᠤᠴᠠᠭᠠᠨ ᠳᠤ 30 ᠭᠠᠷᠦᠢ ᠰᠤᠷᠭᠠᠯᠲᠠ᠂ ᠯᠸᠺᠴ ᠲᠤ ᠰᠠᠭᠤᠵᠤ᠂ ᠵᠠᠷᠢᠮ ᠨᠢ ᠣᠷᠣᠨ ᠨᠤᠲᠤᠭ ᠲᠤ ᠲᠣᠮᠢᠯᠠᠯᠲᠠ ᠪᠠᠷ ᠠᠵᠢᠯᠯᠠᠵᠠᠢ᠃ ᠮᠥᠨ ᠤᠯᠤᠰ ᠤᠨ ᠶᠡᠬᠡ ᠬᠤᠷᠠᠯ᠍᠍ ᠤᠨ ᠪᠠᠢᠩᠭᠤ ᠶᠢᠨ ᠬᠣᠷᠢᠶᠠᠳ ᠂ ᠠᠵᠢᠯ ᠤᠨ ᠬᠡᠰᠡᠭ ᠲᠤ ᠣᠷᠣᠵᠤ ᠂ ᠰᠠᠨᠠᠯ ᠵᠥᠪᠯᠡᠮᠵᠢ ᠪᠣᠯᠪᠠᠰᠤᠷᠠᠭᠤᠯᠵᠠᠢ᠃
ᠤᠯᠤᠰ ᠤᠨ ᠶᠡᠬᠡ ᠬᠤᠷᠠᠯ ᠤᠨ ᠢᠯᠡ ᠲᠤᠳᠦ᠂ ᠨᠡᠭᠡᠭᠡᠯᠲᠡ ᠲᠠᠢ ᠪᠠᠢᠳᠠᠯ ᠢ ᠨᠡᠮᠡᠭ᠍ᠳᠡᠭᠦᠯᠬᠦ᠂ ᠫᠠᠷᠯᠠᠮᠸᠨ᠋ᠲ ᠲᠦ ᠢᠳᠡᠭᠡᠬᠦ ᠢᠷᠭᠡᠳ ᠦᠨ ᠢᠲᠡᠭᠡᠯ ᠢ ᠪᠡᠬᠢᠵᠢᠭᠦᠯᠬᠦ ᠂ ᠣᠷᠣᠯᠴᠠᠭ᠎ᠠ ᠶᠢ ᠳᠡᠭᠡᠭ᠍ᠰᠢᠯᠡᠭᠦᠯᠬᠦ ᠵᠣᠷᠢᠯᠭ᠎ᠠ ᠲᠠᠢ ᠤᠭ ᠬᠦᠲᠦᠯᠪᠦᠷᠢ ᠳᠤ ᠬᠠᠮᠤᠷᠤᠭᠳᠠᠭᠰᠠᠨ ᠣᠶᠤᠲᠠᠳ ᠲᠤ ᠤᠯᠤᠰ ᠤᠨ ᠶᠡᠬᠡ ᠬᠤᠷᠠᠯ ᠤᠨ ᠭᠡᠰᠢᠭᠦᠨ ᠴ∙ ᠯᠣᠳᠣᠢᠰᠠᠮᠪᠤᠤ᠂ ᠱ ∙ᠪᠢᠮᠪᠠᠰᠦ᠋ᠷᠦᠩ ᠨᠠᠷ ᠪᠠᠲᠤᠯᠠᠮᠵᠢ ᠭᠠᠷᠳᠠᠭᠤᠯᠤᠭᠰᠠᠨ ᠪᠡᠢᠨ᠎ᠡ ᠃