48841 ᠠᠯᠪᠠᠨ ᠲᠤᠰᠢᠶᠠᠯᠲᠠᠨ ᠣᠷᠣᠯᠭ᠎ᠠ ᠶᠢᠨ ‍ ᠮᠡᠳᠡᠭᠦᠯᠭᠡ ᠪᠠᠨ ᠥᠭ᠍ᠴᠡᠢ | News.MN

48841 ᠠᠯᠪᠠᠨ ᠲᠤᠰᠢᠶᠠᠯᠲᠠᠨ ᠣᠷᠣᠯᠭ᠎ᠠ ᠶᠢᠨ ‍ ᠮᠡᠳᠡᠭᠦᠯᠭᠡ ᠪᠠᠨ ᠥᠭ᠍ᠴᠡᠢ

ᠠᠪᠯᠢᠭ᠎ᠠ ᠲᠠᠢ ᠲᠡᠮᠡᠴᠡᠬᠦ ᠭᠠᠵᠠᠷ ᠠᠴᠠ ᠠᠪᠯᠢᠭ᠎ᠠ ᠶᠢᠨ ᠡᠰᠡᠷᠭᠦ ᠬᠠᠤᠯᠢ ᠶᠢᠨ ᠦᠢᠯᠡᠴᠢᠯᠡᠯ ᠳᠦ ᠬᠠᠮᠢᠶᠡᠷᠬᠤ ᠠᠯᠪᠠᠨ ᠲᠤᠰᠢᠶᠠᠯᠲᠠᠳ ᠤᠨ 2024 ᠣᠨ ᠤ ᠬᠤᠪᠢ ᠶᠢᠨ ᠠᠰᠢᠭ ᠰᠣᠨᠢᠷᠬᠠᠯ ᠤᠨ ᠮᠡᠳᠡᠭᠦᠯᠭᠡ ᠪᠤᠯᠦᠠ ᠬᠥᠷᠥᠩᠭᠡ᠂ ᠳᠡᠯᠭᠡᠷᠡᠩᠭᠦᠢ ᠣᠷᠣᠯᠭ᠎ᠠ ᠶᠢᠨ ᠮᠡᠳᠡᠭᠦᠯᠭᠡ︵ᠬᠤᠪᠢ ᠶᠢᠨ ᠠᠰᠢᠭ ᠰᠣᠨᠢᠷᠬᠠᠯ᠂ ᠬᠥᠷᠥᠩᠭᠡ᠂ ᠣᠷᠣᠯᠭ᠎ᠠ ᠶᠢᠨ ᠮᠡᠳᠡᠭᠦᠯᠭᠡ︶ ᠶᠢ ᠰᠢᠨᠡᠴᠢᠯᠡᠨ ᠭᠠᠷᠭᠠᠭᠤᠯᠬᠤ ᠠᠵᠢᠯ ᠢ ᠤᠯᠤᠰ ᠤᠨ ᠬᠡᠮᠵᠢᠶᠡᠨ ᠳᠤ ᠵᠣᠬᠢᠶᠠᠨ ᠪᠠᠢᠭᠤᠯᠤᠯ᠎ᠠ ᠃

ᠮᠡᠳᠡᠭᠦᠯᠭᠡ ᠶᠢᠨ ᠪᠦᠷᠢᠳᠭᠡᠭᠦᠯᠦᠭ᠍ᠰᠡᠨ ᠳ᠋ᠦᠩ ᠢ ᠨᠢᠭᠡᠳᠬᠡᠬᠦ ᠳᠤ ᠲᠥᠷᠦ ᠶᠢᠨ ᠪᠤᠯᠦᠠ ᠲᠥᠷᠦ ᠶᠢᠨ ᠥᠮᠴᠢᠲᠦ ᠬᠠᠤᠯᠢ ᠶᠢᠨ ᠡᠲᠡᠭᠡᠳ 130 ᠪᠠᠢᠭᠤᠯᠤᠯᠭ᠎ᠠ ᠶᠢᠨ 48841 ᠮᠡᠳᠡᠭᠦᠯᠭᠡ ᠭᠠᠷᠭᠠᠭ᠌ᠴᠢ 2024 ᠣᠨ ᠤ ᠬᠤᠪᠢ ᠶᠢᠨ ᠠᠰᠢᠭ ᠰᠣᠨᠢᠷᠬᠠᠯ᠂ ᠬᠥᠷᠥᠩᠭᠡ᠂ ᠣᠷᠣᠯᠭ᠎ᠠ ᠶᠢᠨ ᠮᠡᠳᠡᠭᠦᠯᠭᠡ  ᠪᠠᠷ ᠠᠪᠯᠢᠭ᠎ᠠ ᠲᠠᠢ ᠲᠡᠮᠡᠴᠡᠬᠦ ᠭᠠᠵᠠᠷ ᠲᠤ ᠨᠡᠷᠡᠰ ᠦᠨ ᠵᠢᠭ᠌ᠰᠠᠭᠠᠯᠲᠠ ᠢᠷᠡᠭᠦᠯᠦᠭ᠍ᠰᠡᠨ ᠪᠡᠢᠨ᠎ᠡ᠃ 2025 ᠣᠨ ᠤ ᠬᠣᠶᠠᠳᠤᠭᠠᠷ ᠰᠠᠷ᠎ᠠ ᠶᠢᠨ 15 ‍ᠣ ᠡᠳᠦᠷ ᠦᠨ 00:00 ᠴᠠᠭ ᠤᠨ ᠪᠠᠢᠳᠠᠯ ᠢᠶᠠᠷ 48 841 ᠠᠯᠪᠠᠨ ᠲᠤᠰᠢᠶᠠᠯᠲᠠᠨ ᠮᠡᠳᠡᠭᠦᠯᠦᠭ᠍ᠰᠡᠨ ᠪᠡᠢᠨ᠎ᠡ᠃ ᠡᠭᠦᠨ ᠦ 45 630 ᠨᠢ ᠴᠠᠬᠢᠮ ᠢᠶᠠᠷ ᠂ ᠦᠯᠡᠳᠡᠭ᠍ᠰᠡᠨ 3 211 ᠨᠢ ᠴᠠᠭᠠᠰᠤ ᠪᠡᠷ ᠮᠡᠳᠡᠭᠦᠯᠭᠡ ᠪᠡᠨ ᠶᠠᠪᠤᠭᠤᠯᠤᠭᠰᠠᠨ  ᠪᠠᠢᠨ᠎ᠠ᠃ ᠢᠩᠭᠢᠭ᠍ᠰᠡᠨ ᠢᠶᠡᠷ ᠨᠡᠢᠲᠡ ᠶᠢᠨ ᠠᠯᠪᠠᠨ ᠲᠤᠰᠢᠶᠠᠯᠲᠠᠳ ᠬᠤᠪᠢ ᠶᠢᠨ ᠠᠰᠢᠭ ᠰᠣᠨᠢᠷᠬᠠᠯ᠂ ᠬᠥᠷᠥᠩᠭᠡ᠂ ᠣᠷᠣᠯᠭ᠎ᠠ ᠶᠢᠨ ᠮᠡᠳᠡᠭᠦᠯᠭᠡ ᠪᠠᠨ ᠬᠠᠤᠯᠢ ᠶᠢᠨ ᠬᠤᠭᠤᠴᠠᠭᠠᠨ ᠳᠤ 100 ᠬᠤᠪᠢ ᠰᠢᠨᠡᠴᠢᠯᠡᠨ ᠭᠠᠷᠭᠠᠵᠤ ᠪᠠᠲᠤᠯᠠᠭᠠᠵᠢᠭᠤᠯᠤᠯ᠎ᠠ ᠃

ᠰᠡᠳᠬᠢᠭᠳᠡᠯ ᠦᠯᠡᠳᠡᠭᠡᠬᠦ