《ᠠᠯᠳᠠ - 3》ᠠᠶᠠᠨ ᠬᠡᠷᠡᠭ᠍ᠵᠢᠭᠦᠯᠦᠨ᠎ᠡ | News.MN

《ᠠᠯᠳᠠ – 3》ᠠᠶᠠᠨ ᠬᠡᠷᠡᠭ᠍ᠵᠢᠭᠦᠯᠦᠨ᠎ᠡ

ᠵᠠᠰᠠᠭ ᠤᠨ ᠭᠠᠵᠠᠷ ᠤᠨ ᠥᠨᠥᠳᠥᠷ ᠦᠨ ᠬᠤᠷᠠᠯᠳᠤᠭᠠᠨ ᠳᠤ ᠠᠵᠤ ᠦᠢᠯᠡᠳᠪᠦᠷᠢ᠂ ᠡᠷᠦᠳᠡᠰᠦ ᠪᠠᠶᠠᠯᠢᠭ ᠤᠨ ᠰᠠᠢᠳ ᠴ᠎∙ ᠲᠤᠸᠠᠨ ᠠᠯᠳᠠ ᠣᠯᠪᠤᠷᠢᠯᠠᠯᠲᠠ ᠶᠢ ᠡᠷᠴᠢᠮᠵᠢᠭᠦᠯᠬᠦ ᠵᠠᠷᠢᠮ ᠠᠷᠭ᠎ᠠ ᠬᠡᠮᠵᠢᠶᠡᠨ ᠤ ᠲᠠᠯ᠎ᠠ ᠪᠡᠷ᠎ ᠲᠠᠨᠢᠯᠴᠠᠭᠤᠯᠪᠠ᠃ ᠲᠠᠨᠢᠯᠴᠠᠭᠤᠯᠭ᠎ᠠ ᠲᠠᠢ ᠨᠢ ᠬᠣᠯᠪᠤᠭᠳᠠᠭᠤᠯᠤᠨ ᠭᠠᠳᠠᠭᠠᠳᠤ ᠸᠠᠯᠢᠶᠤᠲ ᠤᠨ ᠤᠯᠤᠰ ᠤᠨ ᠨᠥᠭᠡᠴᠡ ᠶᠢ ᠨᠡᠮᠡᠭ᠍ᠳᠡᠭᠦᠯᠬᠦ᠂ ᠲᠥᠯᠥᠪᠦᠷᠢ ᠶᠢᠨ ᠲᠡᠩᠴᠡᠯ ᠦᠨ ᠪᠤᠯᠦᠠ ᠲᠥᠭᠥᠷᠢᠭ ᠦᠨ ᠬᠠᠩᠰᠢ ᠶᠢᠨ ᠳᠠᠷᠤᠮᠲᠠ ᠶᠢ ᠪᠠᠭᠤᠷᠠᠭᠤᠯᠬᠤ᠂ ᠡᠳ᠋ ᠦᠨ ᠵᠠᠰᠠᠭ ᠤᠨ ᠲᠣᠭᠲᠠᠪᠤᠷᠢᠲᠠᠶ ᠪᠠᠢᠳᠠᠯ ᠢ ᠬᠠᠩᠭᠠᠬᠤ ᠵᠣᠷᠢᠯᠭ᠎ᠠ ᠪᠠᠷ《ᠠᠯᠳᠠ – 3》ᠠᠶᠠᠨ ᠢ ᠵᠣᠬᠢᠶᠠᠨ ᠪᠠᠢᠭᠤᠯᠵᠤ᠂ ᠠᠵᠢᠯᠯᠠᠬᠤ ᠶᠢ ᠲᠡᠭᠦᠨ ᠳᠦ ᠳᠠᠭᠠᠭᠠᠯᠭᠠᠯ᠎ᠠ᠃

ᠮᠥᠨ《ᠭᠡᠷ ᠬᠣᠷᠢᠶᠠᠯᠠᠯ ᠤᠨ ᠠᠢᠯ ᠡᠷᠦᠬᠡ ᠳᠤ ᠴᠠᠬᠢᠯᠭᠠᠨ ᠡᠷᠴᠢᠮ ᠬᠦᠴᠦᠨ ᠤ ᠲᠠᠷᠢᠹ ᠤᠨ ᠬᠥᠩᠭᠡᠯᠡᠯᠲᠡ ᠦᠵᠡᠭᠦᠯᠬᠦ ᠵᠢᠷᠤᠮ 》 ᠳᠦ ᠥᠭᠡᠷᠡᠴᠢᠯᠡᠯᠲᠡ ᠣᠷᠣᠭᠤᠯᠬᠤ ᠲᠤᠬᠠᠶ᠂ ᠲᠤᠬᠠᠢᠯᠠᠪᠠᠯ ᠴᠠᠬᠢᠯᠭᠠᠨ ᠢᠶᠠᠷ ᠬᠠᠯᠠᠭᠠᠯᠲᠠ ᠪᠡᠨ ᠰᠢᠢᠳᠦᠭ᠍ᠰᠡᠨ ᠠᠢᠯ ᠡᠷᠦᠬᠡ ᠳᠤ ᠳᠡᠮᠵᠢᠯᠭᠡ ᠦᠵᠡᠭᠦᠯᠬᠦ ᠠᠰᠠᠭᠤᠳᠠᠯ ᠢ ᠡᠷᠴᠢᠮ ᠬᠦᠴᠦᠨ ᠤ ᠰᠠᠢᠳ ᠪ ∙ ᠴᠣᠢᠵᠢᠯᠰᠦᠷᠦᠩ ᠵᠠᠰᠠᠭ ᠤᠨ ᠭᠠᠵᠠᠷ ᠤᠨ ᠬᠤᠷᠠᠯᠳᠤᠭᠠᠨ ᠳᠤ ᠲᠠᠨᠢᠯᠴᠠᠭᠤᠯᠪᠠ᠃

ᠰᠡᠳᠬᠢᠭᠳᠡᠯ ᠦᠯᠡᠳᠡᠭᠡᠬᠦ