ᠤᠺᠰᠹᠤᠷᠳ᠋ ᠤᠨ ᠶᠡᠭᠡ ᠰᠤᠷᠭᠠᠭᠤᠯᠢ ᠶᠢᠨ ᠡᠷᠳᠡᠮᠲᠡᠳ ᠮᠣᠩᠭᠣᠯ ᠤᠯᠤᠰ ᠤᠨ ᠺᠢᠪᠧᠷ ᠠᠶᠦᠯᠭᠦᠢ ᠪᠠᠢᠳᠠᠯ ᠤᠨ ᠥᠨᠦ ᠶᠢᠨ ᠲᠦᠪᠰᠢᠨ ᠢ ᠦᠨᠡᠯᠡᠭ᠍ᠰᠡᠨ ᠰᠤᠳᠤᠯᠭ᠎ᠠ ᠶᠢ ᠥᠨᠥᠳᠥᠷ ᠲᠠᠨᠢᠯᠴᠠᠭᠤᠯᠤᠯ᠎ᠠ᠃ ᠲᠤᠰ ᠰᠤᠳᠤᠯᠭᠠᠨ ᠳᠤ ᠲᠥᠷᠦ᠂ ᠬᠤᠪᠢ ᠶᠢᠨ ᠬᠡᠪᠰᠢᠯ ᠪᠤᠯᠦᠠ ᠣᠯᠠᠨ ᠤᠯᠤᠰ ᠤᠨ 100 ᠭᠠᠷᠦᠢ ᠪᠠᠢᠭᠤᠯᠤᠯᠭ᠎ᠠ ᠶᠢᠨ ᠲᠥᠯᠥᠭᠡᠯᠡᠯ ᠢ ᠬᠠᠮᠤᠷᠤᠭᠤᠯᠤᠭᠰᠠᠨ ᠪᠡᠢᠨ᠎ᠡ᠃ ᠤᠺᠰᠹᠤᠷᠳ᠋ ᠤᠨ ᠶᠡᠭᠡ ᠰᠤᠷᠭᠠᠭᠤᠯᠢ ᠶᠢᠨ ᠡᠷᠳᠡᠮᠲᠡᠳ ᠡᠨᠡ ᠬᠦ ᠰᠤᠳᠤᠯᠭ᠎ᠠ ᠶᠢ ᠳᠡᠯᠡᠬᠡᠢ ᠳᠠᠶᠠᠭᠠᠷ ᠬᠢᠵᠦ ᠪᠠᠢᠭ᠎ᠠ ᠪᠥᠭᠡᠳ ᠮᠣᠩᠭᠣᠯ ᠤᠯᠤᠰ 95 ᠳ᠋ᠡᠬᠢ ᠤᠯᠤᠰ ᠨᠢ ᠪᠣᠯᠵᠤ ᠪᠠᠢᠭ᠎ᠠ ᠶᠤᠮ ᠃
ᠤᠺᠰᠹᠤᠷᠳ᠋ ᠤᠨ ᠶᠡᠭᠡ ᠰᠤᠷᠭᠠᠭᠤᠯᠢ ᠶᠢᠨ ᠺᠢᠪᠧᠷ ᠠᠶᠤᠯᠭᠦᠢ ᠪᠠᠢᠳᠠᠯ ᠤᠨ ᠰᠤᠳᠤᠯᠤᠭᠠᠴᠢ ᠯᠦᠶ᠋ᠢᠰ ᠠᠺᠰᠤᠨ᠄《ᠰᠡᠭᠦᠯ ᠦᠨ ᠵᠢᠯ ᠤᠳ ᠲᠤ ᠮᠣᠩᠭᠣᠯ ᠤᠯᠤᠰ ᠺᠢᠪᠧᠷ ᠠᠶᠤᠯᠭᠦᠢ ᠪᠠᠢᠳᠠᠯ ᠤᠨ ᠲᠤᠬᠠᠶ ᠬᠠᠤᠯᠢ ᠶᠢ ᠬᠡᠷᠡᠭ᠍ᠵᠢᠭᠦᠯᠵᠦ ᠪᠠᠢᠭ᠎ᠠ ᠴᠤ ᠬᠡᠷᠡᠭ᠍ᠵᠢᠯᠲᠡ ᠳᠤ ᠬᠢᠨᠠᠯᠲᠠ ᠲᠠᠯᠪᠢᠬᠤ᠂ ᠬᠠᠤᠯᠢ ᠶᠢ ᠰᠤᠷᠲᠠᠯᠴᠢᠯᠠᠬᠤ ᠲᠡᠯ᠎ᠠ ᠳᠡᠭᠡᠷ᠎ᠡ ᠳᠤᠲᠠᠭᠳᠠᠯ ᠲᠠᠢ ᠪᠡᠢᠨ᠎ᠡ ᠭᠡᠵᠦ ᠦᠵᠡᠭ᠍ᠰᠡᠨ᠃ ᠲᠤᠬᠠᠢᠯᠠᠪᠠᠯ᠂ ᠦᠨᠳᠦᠰᠦᠨ ᠤ ᠺᠢᠪᠧᠷ ᠠᠶᠤᠯᠭᠦᠢ ᠪᠠᠢᠳᠠᠯ ᠤᠨ ᠡᠷᠡᠰᠳᠡᠯ ᠢ ᠪᠦᠬᠦ ᠲᠠᠯ᠎ᠠ ᠠᠴᠠ ᠨᠢ ᠣᠢᠯᠠᠭᠠᠵᠤ᠂ ᠪᠠᠷᠢᠮᠲᠠᠵᠢᠭᠤᠯᠬᠤ᠂ ᠰᠲᠷᠠᠲ᠋ᠧᠭᠢ ᠶᠢᠨ ᠦᠷ᠎ᠡ ᠳ᠋ᠦᠩ ᠢ ᠰᠢᠯᠭᠠᠬᠤ ᠨᠢ ᠴᠢᠬᠤᠯᠠ ᠪᠡᠢᠨ᠎ᠡ᠃ ᠮᠥᠨ ᠪᠦᠬᠦ ᠰᠠᠯᠪᠤᠷᠢ ᠳᠤ ᠬᠠᠮᠲᠤ ᠶ᠋ᠢᠨ ᠠᠵᠢᠯᠯᠠᠭ᠎ᠠ ᠶᠢ ᠴᠢᠬᠤᠯᠠᠴᠢᠯᠠᠬᠤ ᠱᠠᠭᠠᠷᠳᠠᠯᠭ᠎ᠠ ᠲᠠᠢ ᠪᠥᠭᠡᠳ ᠠᠶᠤᠯ ᠲᠤᠯᠭᠠᠷᠠᠭᠰᠠᠨ ᠦᠶ᠎ᠡ ᠳᠤ ᠶᠡᠮᠡᠷ ᠠᠷᠭ᠎ᠠ ᠭᠡᠮᠵᠢᠶ᠎ᠠ ᠠᠪᠬᠤ ᠶᠢ ᠲᠣᠳᠤᠷᠬᠠᠶ ᠪᠣᠯᠭᠠᠬᠤ ᠬᠡᠷᠡᠭ ᠲᠠᠢ᠃ ᠲᠡᠭᠦᠨᠴᠢᠯᠡᠨ ᠺᠢᠪᠧᠷ ᠠᠶᠤᠯᠭᠦᠢ ᠪᠠᠢᠳᠠᠯ ᠤᠨ ᠲᠥᠯᠥᠪᠯᠡᠭᠡ ᠶᠢ ᠬᠠᠮᠲᠤ ᠳᠤ ᠪᠠᠨ ᠪᠣᠯᠪᠠᠰᠤᠷᠠᠭᠤᠯᠬᠤ᠂ ᠬᠠᠯᠳᠠᠯᠭ᠎ᠠ ᠭᠠᠷᠪᠠᠯ ᠨᠢᠭᠡᠳᠦᠭ᠍ᠰᠡᠨ ᠰᠠᠩ ᠳᠤ ᠪᠦᠷᠢᠳᠬᠡᠭ᠍ᠳᠡᠵᠦ ᠪᠠᠢᠭ᠎ᠠ ᠡᠰᠡᠬᠦ ᠶᠢ ᠠᠨᠭ᠍ᠬᠠᠷᠬᠤ ᠨᠢ ᠵᠦᠢᠲᠠᠢ ᠪᠡᠢᠨ᠎ᠡ᠃ ᠢᠩᠭᠢᠭ᠍ᠰᠡᠨ ᠢᠶᠡᠷ ᠬᠡᠴᠢᠨᠡᠨ ᠬᠡᠮᠵᠢᠶᠡᠨ ᠤ ᠬᠣᠬᠢᠷᠠᠯ᠂ ᠠᠯᠳᠠᠭᠳᠠᠯ ᠬᠦᠯᠢᠶᠡᠭ᠍ᠰᠡᠨ ᠭᠡᠳᠡᠭ ᠳᠡᠭᠡᠷ᠎ᠡ ᠳ᠋ᠦᠩ ᠰᠢᠨᠵᠢᠯᠡᠭᠡ ᠬᠢᠬᠦ ᠪᠣᠯᠣᠮᠵᠢ ᠪᠦᠷᠢᠳᠦᠨ᠎ᠡ》ᠭᠡᠯᠡ ᠃