ᠤ᠊ ∙ ᠬᠦᠷᠡᠯᠰᠦ᠋ᠬᠡ ᠴᠧᠾ ᠤᠯᠤᠰ ᠲᠤ ᠲᠥᠷᠥ ᠶᠢᠨ ᠠᠢᠯᠴᠢᠯᠠᠯ ᠬᠢᠨ᠎ᠡ | News.MN

ᠤ᠊ ∙ ᠬᠦᠷᠡᠯᠰᠦ᠋ᠬᠡ ᠴᠧᠾ ᠤᠯᠤᠰ ᠲᠤ ᠲᠥᠷᠥ ᠶᠢᠨ ᠠᠢᠯᠴᠢᠯᠠᠯ ᠬᠢᠨ᠎ᠡ

ᠮᠣᠩᠭᠣᠯ ᠤᠯᠤᠰ ᠤᠨ ᠶᠡᠷᠦᠩᠬᠡᠢᠯᠡᠭᠴᠢ ᠤ᠊ ∙ ᠬᠦᠷᠡᠯᠰᠦ᠋ᠬᠡ ᠪᠦᠭᠦᠳᠡ ᠨᠠᠢᠷᠠᠮᠳᠠᠬᠤ ᠴᠧᠾ ᠤᠯᠤᠰ ᠤᠨ ᠶᠡᠷᠦᠩᠬᠡᠢᠯᠡᠭᠴᠢ ᠫᠧᠲ᠋ᠷ ᠫᠠᠸᠧᠯ ᠤᠨ ᠤᠷᠢᠯᠭ᠎ᠠ ᠪᠠᠷ ᠡᠨᠡ ᠰᠠᠷ᠎ᠠ ᠶᠢᠨ 9-12 ᠳᠦ ᠲᠤᠰ ᠤᠯᠤᠰ ᠲᠤ ᠲᠥᠷᠥ ᠶᠢᠨ ᠠᠢᠯᠴᠢᠯᠠᠯ ᠬᠢᠨ᠎ᠡ᠃

ᠡᠨᠡ ᠬᠦ ᠲᠥᠷᠥ ᠶᠢᠨ ᠠᠢᠯᠴᠢᠯᠠᠯ ᠨᠢ ᠮᠣᠩᠭᠣᠯ ᠤᠯᠠᠰ᠂ ᠪᠦᠭᠦᠳᠡ ᠨᠠᠢᠷᠠᠮᠳᠠᠬᠤ ᠴᠧᠾ ᠤᠯᠤᠰ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 75 ᠵᠢᠯ ᠦᠨ ᠤᠢ ᠶᠢᠨ ᠬᠦᠷᠢᠶᠡᠨ ᠳᠦ ᠪᠣᠯᠬᠤ ᠪᠥᠭᠡᠳ ᠮᠣᠩᠭᠣᠯ ᠤᠯᠤᠰ ᠤᠨ ᠲᠥᠷᠥ ᠶᠢᠨ ᠲᠡᠷᠢᠭᠦᠨ ᠦ ᠲᠦᠪᠰᠢᠨ ᠳᠦ ᠪᠦᠭᠦᠳᠡ ᠨᠠᠢᠷᠠᠮᠳᠠᠬᠤ ᠴᠧᠾ  ᠤᠯᠤᠰ ᠲᠤ 10 ᠵᠢᠯ ᠦᠨ ᠳᠠᠷᠠᠭ᠎ᠠ ᠬᠡᠷᠡᠭᠵᠢᠭᠦᠯᠵᠦ ᠪᠤᠢ ᠠᠢᠯᠴᠢᠯᠠᠯ ᠶᠶᠤᠮ᠃

ᠠᠢᠯᠴᠢᠯᠠᠯ ᠤᠨ ᠬᠦᠷᠢᠶᠡᠨ ᠳᠦ ᠮᠣᠩᠭᠣᠯ᠂ ᠴᠧᠾ ᠬᠠᠷᠢᠯᠴᠠᠭ᠎ᠠ ᠲᠣᠭᠲᠠᠭᠠᠭᠰᠠᠨ ᠤ 75 ᠵᠢᠯ ᠦᠨ  ᠣᠢ ᠶᠢ ᠲᠣᠬᠢᠶᠠᠯᠳᠤᠭᠤᠯᠤᠨ ᠫᠠᠷᠭ᠎ᠠ  ᠬᠣᠲᠠᠨ᠎ᠠ ᠮᠣᠷᠢᠨ ᠬᠤᠭᠤᠷ ᠨᠠᠢᠷᠠᠯ ᠬᠥᠭᠵᠢᠮ ᠦᠨ ᠲᠣᠭᠯᠠᠯᠲᠠ᠂《ᠴᠢᠩᠭᠢᠰ ᠬᠠᠭᠠᠨ》 ᠣᠯᠠᠨ ᠤᠯᠤᠰ ᠤᠨ ᠦᠵᠡᠰᠬᠦᠯᠡᠩ  ᠪᠣᠯᠣᠨ᠎ᠠ᠃

ᠰᠡᠳᠬᠢᠭᠳᠡᠯ ᠦᠯᠡᠳᠡᠭᠡᠬᠦ