《ᠳᠡᠯᠡᠬᠡᠢ ᠶᠢᠨ ᠮᠣᠩᠭᠣᠯᠴᠤᠳ ᠤᠨ ᠬᠣᠯᠪᠣᠶ᠎ᠠ》᠂《ᠾᠢᠦᠩᠨᠦ ᠠᠲ᠋ᠲ᠋ᠢᠯᠠ》 ᠰᠠᠩ᠂ ᠮᠣᠩᠭᠣᠯ ᠤᠯᠤᠰ ᠤᠨ ᠶᠡᠬᠡ ᠰᠤᠷᠭᠠᠭᠤᠯᠢ ᠬᠠᠮᠲᠤᠷᠠᠨ《M-Oil》 ᢉᠷᠦ᠋ᠫ ᠺᠣᠮᠫᠠᠨᠢ ᠶᠢᠨ ᠳᠡᠮᠵᠢᠯᠭᠡ ᠲᠡᠢ ᠪᠡᠷ ᠳᠡᠯᠡᠬᠡᠢ ᠶᠢᠨ ᠮᠣᠩᠭᠣᠯ ᠤᠭᠰᠠᠭᠠᠲᠠᠨ ᠤ ᠣᠶᠤᠲᠠᠨ᠂ ᠵᠠᠯᠠᠭᠤᠰ ᠮᠣᠩᠭᠣᠯ ᠤᠯᠤᠰ ᠲᠤ ᠰᠤᠷᠤᠯᠴᠠᠬᠤ ᠳᠦ ᠨᠢ ᠳᠡᠮᠵᠢᠯᠭᠡ ᠦᠵᠡᠭᠦᠯᠬᠦ ᠵᠣᠷᠢᠯᠭ᠎ᠠ ᠲᠠᠢ ᠪᠠᠷ《ᠳᠡᠯᠡᠬᠡᠢ ᠶᠢᠨ ᠮᠣᠩᠭᠣᠯ》ᠲᠡᠳᠬᠦᠯᠭᠡ ᠶᠢᠨ ᠪᠠᠲᠤᠯᠠᠮᠵᠢ ᠶᠢ 18 ᠣᠶᠤᠲᠠᠨ ᠳᠤ ᠭᠠᠷᠳᠠᠭᠤᠯᠪᠠ᠃