ᠵᠠᠰᠠᠭ ᠤᠨ ᠭᠠᠵᠠᠷ ᠤᠨ ᠥᠴᠥᠭᠡᠳᠦᠷ ᠦᠨ ᠡᠭᠡᠯᠵᠢᠲᠦ ᠪᠤᠰᠤ ᠬᠤᠷᠠᠯᠳᠤᠭᠠᠨ ᠢᠶᠠᠷ ᠢᠶᠠᠨ ᠤᠯᠤᠰ ᠤᠨ ᠬᠡᠮᠵᠢᠶᠡᠨ ᠳᠤ 2025 ᠣᠨ ᠳᠤ ᠡᠵᠡᠮᠰᠢᠭᠦᠯᠬᠦ᠂ ᠠᠰᠢᠭ᠌ᠯᠠᠭᠤᠯᠬᠤ ᠭᠠᠵᠠᠷ ᠤᠨ ᠪᠠᠢᠢᠷᠢᠰᠢᠯ ᠂ ᠭᠡᠮᠵᠢᠶ᠎ᠠ ᠂ ᠵᠣᠷᠢᠭᠤᠯᠤᠯᠲᠠ ᠶᠢᠨ ᠵᠢᠭ᠌ᠰᠠᠭᠠᠯᠲᠠ ᠶᠢ ᠪᠠᠲᠤᠯᠠᠵᠠᠢ ᠃
2025 ᠣᠨ ᠳᠤ ᠨᠡᠢᠲᠡ 8348 ᠢᠷᠭᠡᠨ ᠳᠤ 926.38 ᠭᠠ ᠭᠠᠵᠠᠷ ᠢ ᠥᠮᠴᠢᠯᠡᠭᠦᠯᠬᠦ ᠪᠠᠷ ᠲᠣᠭᠲᠠᠭᠠᠯ᠎ᠠ ᠃ ᠲᠤᠬᠠᠢ ᠶᠢᠨ ᠱᠠᠲᠤᠨ ᠤ ᠢᠷᠭᠡᠳ ᠤᠨ ᠲᠥᠯᠥᠭᠡᠯᠡᠭ᠍ᠴᠢᠳ ᠤᠨ ᠬᠤᠷᠠᠯ ᠢᠶᠠᠷ ᠪᠠᠲᠤᠯᠠᠭᠰᠠᠨ ᠨᠠᠢ᠍ᠮᠠᠨ ᠳᠡᠭᠦᠷᠭᠡ ᠂ 20 ᠠᠢᠮᠠᠭ ᠤᠨ ᠨᠡᠢᠢᠲᠡ 271 ᠰᠤᠮᠤᠳ ᠤᠨ 2025 ᠣᠨ ᠤ ᠭᠠᠵᠠᠷ ᠵᠣᠬᠢᠶᠠᠨ ᠪᠠᠢᠭᠤᠯᠤᠯᠲᠠ ᠶᠢᠨ ᠲᠥᠯᠥᠪᠯᠡᠭᠡ ᠳᠤ ᠲᠣᠰᠣᠭᠰᠠᠨ ᠪᠠᠢᠷᠢᠰᠢᠯ ᠪᠤᠯᠦᠠ ᠬᠤᠯᠪᠦᠬᠳᠡᠬᠤ ᠶᠠᠮᠤᠳ ᠠᠴᠠ ᠢᠷᠡᠭᠦᠯᠦᠭ᠍ᠰᠡᠨ ᠰᠠᠨᠠᠯ ᠢ ᠭᠠᠵᠠᠷ ᠤᠨ ᠨᠢᠭᠡᠳᠦᠮᠡᠯ ᠰᠠᠩ ᠤᠨ ᠤᠳᠤᠷᠢᠳᠤᠯᠭ᠎ᠠ ᠶᠢᠨ ᠨᠢᠭᠡᠳᠦᠭ᠍ᠰᠡᠨ ᠴᠠᠬᠢᠮ ᠰᠢᠰᠲ᠋ᠧᠮ ᠢᠶᠡᠷ ᠳᠠᠮᠵᠢᠭᠤᠯᠤᠨ ᠬᠤᠯᠪᠦᠬᠳᠡᠬᠤ ᠬᠠᠤᠯᠢ ᠲᠣᠭᠲᠠᠭᠠᠮᠵᠢ ᠶᠢᠨ ᠳᠠᠭᠠᠤ ᠭᠠᠵᠠᠷ ᠵᠣᠬᠢᠶᠠᠨ ᠪᠠᠢᠭᠤᠯᠤᠯᠲᠠ ᠶᠢᠨ ᠶᠡᠷᠦᠩᠬᠡᠶ ᠲᠥᠯᠦᠪᠯᠡᠭᠡ᠂ ᠬᠣᠲᠠ ᠶᠢᠨ ᠬᠥᠭ᠍ᠵᠢᠯ ᠤᠨ ᠶᠡᠷᠦᠩᠬᠡᠶ ᠲᠥᠯᠥᠪᠯᠡᠭᠡ ᠲᠠᠢ ᠤᠶᠠᠯᠳᠤᠭᠰᠠᠨ ᠡᠰᠡᠬᠦ᠂ ᠬᠠᠮᠠᠭᠠᠯᠠᠯᠲᠠ ᠶᠢᠨ ᠪᠦᠰᠡ ᠂ ᠵᠤᠷᠪᠦᠰ ᠭᠠᠵᠠᠷ ᠂ ᠤᠯᠤᠰ ᠤᠨ ᠲᠤᠰᠬᠠᠶ ᠬᠡᠷᠡᠭ᠍ᠴᠡᠭᠡᠨ ᠤ ᠭᠠᠵᠠᠷ ᠂ ᠠᠰᠢᠭᠲᠤ ᠮᠠᠯᠲᠠᠮᠠᠯ ᠤᠨ ᠲᠤᠰᠬᠠᠶ ᠵᠥᠪᠰᠢᠶᠡᠷᠡᠯ ᠪᠦᠬᠦᠢ ᠲᠠᠯᠠᠪᠠᠢ ᠲᠠᠢ ᠳᠠᠪᠬᠤᠴᠠᠯ ᠲᠠᠢ ᠪᠠᠢᠭ᠎ᠠ ᠡᠰᠡᠬᠦ ᠶᠢ ᠰᠢᠯᠭᠠᠵᠤ᠂ ᠳᠠᠪᠬᠤᠴᠠᠯ᠂ ᠵᠥᠷᠢᠴᠡᠯ ᠦᠭᠡᠢ ᠪᠠᠢᠷᠢᠰᠢᠯ ᠤᠳ ᠢ ᠵᠠᠰᠠᠭ ᠤᠨ ᠭᠠᠵᠠᠷ ᠤᠨ ᠲᠣᠭᠲᠠᠭᠠᠯ ᠳᠤ ᠲᠤᠰᠬᠠᠵᠠᠢ ᠃